| 9 ᠰᠠᠷ᠎ᠠ ᠶᠢᠨ 24 ᠤ ᠡᠳᠦᠷ᠂ ᠪᠦᠷᠢᠶ᠎ᠠ ᠶᠢᠨ ᠲᠠᠭᠤᠨ ᠬᠠᠩᠭᠢᠨᠠᠬᠤ ᠶᠢ ᠲᠠᠭᠠᠯᠳᠤᠨ᠂ 50 ᠴᠢᠩᠭᠡᠯᠢᠭ ᠰᠢᠯᠢᠳᠡᠭ ᠨᠡᠷᠡᠨ ᠬᠤᠸᠠᠷ ᠤᠨ ᠦᠷ᠎ᠡ ᠶᠢ | ᠲᠦᠬᠦᠷᠠᠳᠠᠯᠠ ᠠᠴᠢᠶᠠᠯᠠᠬᠰᠠᠨ ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ᠂ ᠤᠷᠠᠳ ᠤᠨ | ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠢᠨ ᠬᠤᠤ ᠲᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠠᠴᠠ | ᠮᠣᠷᠳᠠᠵᠤ᠂ 13 ᠡᠳᠦᠷ ᠤᠨ ᠬᠤᠭᠤᠴᠠᠭ᠎ᠠ ᠲᠠᠢ ᠲᠢᠪ ᠠᠯᠤᠰᠯᠠᠬᠤ ᠠᠶᠠᠯᠠᠯ ᠢᠶᠠᠨ ᠡᠬᠢᠯᠡᠭᠦᠯᠵᠡᠢ᠃ ᠡᠨᠡ ᠪᠣᠯ ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠶᠢᠰᠤᠳᠠᠬᠢ ᠠᠶᠠᠯᠠᠯ ᠪᠤᠯᠤᠨ᠎ᠠ᠃ | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠳᠤ | ᠲᠡᠷᠭᠡ ᠶᠢᠨ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ 1100 ᠲᠣᠨ ᠲᠤ ᠬᠦᠷᠴᠤ᠂ ᠡᠷᠢᠶᠡᠨ ᠬᠤᠲᠠ ᠶᠢᠨ ᠪᠣᠭᠤᠮᠲᠠ ᠢᠶᠠᠷ ᠦᠩᠬᠡᠷᠡᠨ᠂ | ᠡᠴᠦᠰ ᠲᠡᠭᠡᠨ ᠣᠷᠣᠰ ᠤᠨ ᠶᠧᠺᠠᠵᠧᠯᠢᠩᠪᠤᠤ ᠲᠤ ᠬᠦᠷᠬᠦ ᠶᠤᠮ᠃ | | | | | ᠬᠤᠶᠢᠰᠢᠳᠠ᠂ ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ᠂ ᠪᠠᠷᠠᠭᠠᠨ ᠤ ᠭᠦᠢᠯᠭᠡᠭᠡ ᠪᠠᠷ | ᠠᠵᠤ ᠠᠬᠤᠢ ᠠᠷᠠᠯᠵᠢᠶ᠎ᠠ ᠪᠠᠨ ᠲᠠᠶᠢᠴᠢᠯᠠᠵᠤ᠂ ᠠᠵᠤ ᠠᠬᠤᠢ ᠠᠷᠠᠯᠵᠢᠶ᠎ᠠ ᠪᠠᠷ ᠠᠵᠤ ᠦᠢᠯᠡᠰ ᠢᠶᠠᠨ ᠬᠦᠭᠵᠢᠬᠦᠯᠬᠦ ᠬᠠᠷᠠᠯᠲᠠ ᠶᠢ ᠦᠷᠭᠦᠯᠵᠢᠯᠡᠨ ᠪᠠᠷᠢᠮᠳᠠᠯᠠᠵᠤ᠂ | ᠰᠢᠨ᠎ᠡ ᠶᠢ ᠡᠬᠦᠳᠤᠨ ᠨᠡᠬᠡᠬᠡᠯᠳᠡ ᠬᠢᠬᠦ᠂ ᠰᠠᠭᠠᠳ ᠦᠭᠡᠢ ᠨᠡᠪᠳᠡᠷᠡᠬᠦ᠂ ᠠᠵᠤ ᠦᠢᠯᠡᠰ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ | ᠪᠠᠶᠢᠳᠠᠯ ᠢ ᠪᠠᠳᠤᠯᠠᠵᠤ᠂ ᠰᠢᠨ᠎ᠡ ᠬᠥᠭᠵᠢᠯᠲᠡ ᠶᠢᠨ ᠵᠠᠬᠪᠤᠷ ᠢᠶᠠᠷ ᠤᠷᠠᠳ ᠤᠨ ᠬᠤᠶᠢᠲᠤ ᠬᠤᠰᠢᠭᠤᠨ ᠤ ᠠᠵᠤ ᠠᠬᠤᠶ ᠶᠢᠨ ᠤᠷᠲᠤ ᠬᠤᠭᠤᠴᠠᠭ᠎ᠠ᠂ ᠡᠷᠡᠭᠦᠯ | ᠪᠦᠬᠡᠳ ᠲᠣᠭᠲᠠᠭᠤᠨ ᠢᠶᠠᠷ ᠬᠥᠭᠵᠢᠬᠦ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠬᠳᠤᠬᠤ ᠶᠤᠮ᠃ |