2022 ᠣᠨ ᠤ 9 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠲᠥᠯᠥᠭᠡᠯᠡᠭᠴᠢ ᠵᠢᠶᠠᠩ ᠳ᠋ᠤᠸᠠᠨᠤᠨᠴᠠ ᠡᠯᠴᠢᠨ ᠬᠥᠮᠦᠨ ᠤ ᠡᠷᠬᠡ ᠶᠢᠨ | ᠬᠡᠷᠡᠭ ᠡᠷᠬᠢᠯᠡᠭᠴᠢᠳ ᠤᠨ ᠬᠤᠷᠠᠯ ᠤᠨ 51 ᠳ᠋ᠤᠭᠡᠷ ᠬᠤᠭᠤᠴᠠᠭᠠᠨ ᠤ ᠬᠤᠷᠠᠯ ᠳᠡᠭᠡᠷᠡᠠᠮᠧᠷᠢᠺᠠ ᠬᠠᠤᠯᠢ ᠪᠤᠰᠤ ᠪᠠᠷ ᠰᠢᠷᠢᠶ᠎ᠠ ᠶᠢᠨ ᠶᠠᠪᠤᠳᠠᠯ ᠳᠤ ᠭᠠᠷ ᠲᠦᠷᠦᠭᠦ | ᠵᠡᠷᠭᠡ ᠠᠵᠢᠯᠯᠠᠭ᠎ᠠ ᠨᠢ ᠰᠢᠷᠢᠶ᠎ᠠ ᠶᠢᠨ ᠠᠷᠠᠳ ᠲᠦᠮᠡᠨ ᠤᠬᠥ᠋ᠮᠦᠨ ᠤ ᠡᠷᠬᠡ ᠳᠤ ᠬᠤᠬᠢᠷᠠᠯ ᠤᠴᠠᠷᠠᠭᠤᠯᠤᠭᠰᠠᠨ ᠢ ᠴᠢᠩᠭ᠎ᠠ ᠵᠢᠮᠡᠯᠡᠵᠦ᠂ ᠬᠥᠮᠦᠨ ᠤ ᠡᠷᠬᠡ ᠳᠤ ᠬᠠᠯᠳᠠᠬᠤ | ᠠᠵᠢᠯᠯᠠᠭ᠎ᠠ ᠪᠠᠨᠲ᠋ᠠᠷᠦ᠋ᠢᠬᠠᠨ ᠵᠣᠭᠰᠣᠬᠤ ᠬᠡᠷᠡᠭᠲᠡᠢ ᠭᠡᠵᠦ ᠠᠮᠧᠷᠢᠺᠠ ᠶᠢᠨ ᠬᠢᠨ ᠳᠤ ᠱᠠᠭᠠᠷᠳᠠᠪᠠ᠃ | ᠵᠢᠶᠠᠩ ᠳ᠋ᠤᠸᠠᠨ ᠵᠢᠭᠠᠵᠦ ᠭᠠᠷᠭᠠᠬᠤ ᠳᠠᠭᠠᠨ᠂ ᠰᠢᠷᠢᠶ᠎ᠠ ᠶᠢᠨ ᠠᠰᠠᠭᠤᠳᠠᠯ ᠠᠷᠪᠠ ᠭᠠᠷᠤᠢ ᠵᠢᠯ ᠤᠨᠵᠢᠷᠠᠵᠤ᠂ᠰᠢᠷᠢᠶ᠎ᠠ ᠶᠢᠨ ᠠᠷᠠᠳ ᠲᠦᠮᠡᠨ ᠤᠳᠤ | ᠪᠣᠯᠲᠠᠯ᠎ᠠ ᠶᠠᠳᠠᠭᠤ ᠬᠦᠴᠢᠷᠳᠡᠯ ᠪᠣᠯᠤᠨ ᠲᠠᠶᠢᠨ ᠳᠠᠵᠢᠨ ᠤ ᠳᠤᠮᠳᠠ ᠲᠡᠯᠴᠢᠯᠡᠭᠰᠡᠭᠡᠷ ᠪᠠᠶᠢᠨ᠎ᠠ᠃ ᠠᠮᠧᠷᠢᠺᠠ ᠵᠡᠷᠭᠡ ᠥᠷᠥᠨᠡᠳᠠᠬᠢᠨ ᠤ ᠤᠯᠤᠰ ᠤᠳ ᠡᠭᠦᠨ ᠳᠤ | ᠲᠦᠯᠬᠢᠵᠦ ᠪᠣᠯᠤᠰᠢ ᠦᠭᠡᠢ ᠬᠠᠷᠢᠭᠤᠴᠠᠯᠭ᠎ᠠ ᠲᠠᠢᠶᠤᠮ᠃ ᠠᠮᠧᠷᠢᠺᠠ ᠪᠠᠶᠢᠨ ᠳᠠᠬᠢᠨ ᠰᠢᠷᠢᠶ᠎ᠠ ᠶᠢᠨ ᠴᠡᠷᠢᠭ ᠤᠨ ᠶᠠᠪᠤᠳᠠᠯ ᠳᠤ ᠭᠠᠷ ᠳᠦᠷᠦᠵᠦ᠂ ᠰᠢᠷᠢᠶ᠎ᠠ ᠶᠢᠨ | ᠶᠡᠭᠡ ᠬᠡᠮᠵᠢᠶᠡᠨ ᠤᠡᠭᠡᠯ ᠠᠷᠠᠳ ᠢ ᠦᠬᠦᠭᠦᠯᠵᠦ ᠰᠢᠷᠬᠠᠲᠤᠭᠤᠯᠤᠭᠰᠠᠨ ᠪᠠ ᠣᠷᠣᠬᠤ ᠭᠡᠷ ᠣᠭᠤᠴᠢᠬᠤ ᠠᠶᠠᠭ᠎ᠠ ᠦᠭᠡᠶ ᠪᠣᠯᠭᠠᠵᠤ᠂ ᠬᠡᠮᠵᠢᠶᠡᠯᠡᠰᠢᠦᠭᠡᠶ ᠡᠳ᠋ | ᠬᠥᠷᠥᠩᠭᠡ ᠶᠢᠨ ᠬᠤᠬᠢᠷᠠᠯ ᠤᠴᠠᠷᠠᠭᠤᠯᠵᠠᠶ᠃ ᠳᠡᠭᠡᠷ᠎ᠡ ᠰᠠᠷ᠎ᠠ ᠳᠤ ᠠᠮᠧᠷᠢᠺᠠ ᠶᠢᠨ ᠴᠡᠷᠢᠭ ᠰᠢᠷᠢᠶ᠎ᠠ ᠶᠢᠨ ᠵᠡᠭᠦᠨᠬᠡᠰᠡᠭ ᠲᠤ ᠳᠠᠬᠢᠨᠲᠠ ᠠᠭᠠᠷ ᠤᠨ ᠳᠠᠭᠠᠷᠢᠯᠲᠠ | ᠶᠠᠪᠤᠭᠤᠯᠵᠤ᠂ ᠰᠢᠷᠢᠶ᠎ᠠ ᠶᠢᠨ ᠡᠷᠬᠡ ᠮᠡᠳᠡᠯ ᠪᠣᠯᠤᠨ ᠨᠤᠲᠤᠭ ᠳᠡᠪᠢᠰᠬᠡᠷ ᠤᠨᠪᠦ᠋ᠷᠢᠨ ᠪᠦᠲᠦᠨ ᠳᠤ ᠦᠷᠭᠦᠯᠵᠢᠯᠡᠨ ᠬᠠᠯᠳᠠᠵᠤ᠂ ᠰᠢᠷᠢᠶ᠎ᠠ ᠶᠢᠨ ᠠᠷᠠᠳ ᠲᠦᠮᠡᠨ ᠤ | ᠭᠠᠰᠠᠯᠠᠩ ᠵᠣᠪᠠᠯᠠᠩ ᠢ ᠬᠤᠷᠴᠠᠳᠬᠠᠪᠠ᠃ ᠠᠮᠧᠷᠢᠺᠠ ᠪᠠᠰᠠ ᠰᠢᠷᠢᠶ᠎ᠠ ᠳᠤ ᠭᠠᠭᠴᠠ ᠲᠠᠯ᠎ᠠ ᠶᠢᠨ ᠠᠯᠪᠠᠳᠠᠯᠭ᠎ᠠ ᠶᠢᠨ ᠠᠷᠭ᠎ᠠ ᠠᠪᠴᠤ᠂ ᠰᠢᠷᠢᠶ᠎ᠠ ᠶᠢᠨ ᠠᠷᠠᠳ | ᠲᠦᠮᠡᠨ ᠤᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠠᠯᠳᠠᠭᠤᠯᠵᠤ᠂ ᠠᠵᠤ ᠠᠬᠤᠶ ᠶᠢᠨ ᠬᠥᠭᠵᠢᠯᠲᠡ ᠪᠣᠯᠤᠨ ᠳᠠᠬᠢᠨ ᠪᠠᠶᠢᠭᠤᠯᠤᠯᠲᠠ ᠵᠢᠨᠠᠬᠢᠴᠠ ᠳᠤ ᠳᠠᠪᠬᠤᠷ | ᠳᠠᠪᠬᠤᠷ ᠬᠦᠴᠢᠷᠳᠡᠯ ᠲᠤᠯᠭᠠᠷᠠᠭᠤᠯᠪᠠ᠃ ᠥᠨᠥᠳᠦᠷ ᠪᠣᠯᠲᠠᠯ᠎ᠠ᠂ ᠠᠮᠧᠷᠢᠺᠠ ᠶᠢᠨ ᠴᠡᠷᠢᠭ ᠰᠢᠷᠢᠶ᠎ᠠ ᠵᠢᠨᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ | ᠤᠯᠤᠰ ᠤᠨ ᠡᠬᠢ ᠪᠠᠶᠠᠯᠢᠭ ᠢ ᠡᠵᠡᠮᠳᠡᠵᠦ᠂ ᠰᠢᠷᠢᠶ᠎ᠠ ᠶᠢᠨ ᠭᠤᠣᠯᠪᠣᠯᠬᠤ ᠴᠢᠯᠠᠭᠤᠨ ᠲᠤᠰᠤᠨ ᠤ ᠭᠠᠷᠤᠯᠲᠠ ᠶᠢᠨ ᠣᠷᠣᠨ ᠢ ᠡᠵᠡᠯᠡᠵᠦ᠂ 80 % ᠠᠴᠠ | ᠳᠡᠭᠡᠭᠰᠢᠬᠢ ᠲᠤᠰᠤᠨ ᠤ ᠭᠠᠷᠤᠯᠲᠠ ᠵᠢᠬᠢᠬᠠᠨ ᠳᠡᠭᠡᠷᠡᠮᠳᠡᠵᠦ᠂ ᠰᠢᠷᠢᠶ᠎ᠠ ᠶᠢᠨ ᠠᠮᠤ ᠪᠤᠳᠠᠭᠠᠨ ᠤ ᠬᠥᠮᠥᠷᠭᠡ ᠶᠢᠨ ᠬᠠᠳᠠᠭᠠᠯᠠᠮᠵᠢ ᠶᠢ ᠨᠢᠭᠤᠴᠠ ᠪᠠᠷ | ᠠᠷᠠᠯᠵᠢᠶᠠᠯᠠᠨ᠂ᠰᠢᠷᠢᠶ᠎ᠠ ᠶᠢᠨ ᠠᠷᠠᠳ ᠲᠦᠮᠡᠨ ᠤ ᠠᠮᠤ ᠪᠤᠳᠠᠭᠠᠨ ᠤ ᠡᠷᠬᠡ᠂ ᠡᠷᠡᠭᠦᠯ ᠮᠡᠨᠳᠦ ᠶᠢᠨ ᠡᠷᠬᠡ᠂ ᠬᠥᠭᠵᠢᠯᠲᠡ ᠶᠢᠨ ᠡᠷᠬᠡ ᠵᠡᠷᠭᠡᠦᠨᠳᠦᠰᠦᠨ | ᠬᠥᠮᠦᠨ ᠤ ᠦᠨᠳᠦᠰᠦᠨ ᠡᠷᠬᠡ ᠳᠤ ᠬᠦᠨᠳᠦ ᠨᠣᠴᠢᠲᠠᠢ ᠬᠠᠯᠳᠠᠪᠠ ᠬᠡᠵᠠᠢ᠃ | ᠵᠢᠶᠠᠩ ᠳ᠋ᠤᠸᠠᠨ ᠵᠢᠠᠭᠠᠵᠤ ᠭᠠᠷᠭᠠᠬᠤ ᠳᠠᠭᠠᠨ᠄ ᠰᠢᠷᠢᠶ᠎ᠠ ᠶᠢᠨ ᠬᠢᠮᠤᠷᠠᠯ ᠨᠢ ᠭᠠᠳᠠᠭᠠᠳᠤ ᠶᠢᠨ ᠬᠢᠨ ᠭᠠᠷ ᠲᠦᠷᠦᠵᠤ᠂ᠡᠰᠡᠷᠭᠦᠴᠡᠯᠳᠦᠭᠦᠯᠵᠦ᠂ ᠳᠠᠷᠤᠯᠲᠠ | ᠦᠵᠡᠭᠦᠯᠵᠦ ᠵᠠᠯᠬᠠᠭᠠᠯ ᠦᠵᠡᠭᠦᠯᠬᠦ ᠨᠢ ᠠᠰᠠᠭᠤᠳᠠᠯ ᠢ ᠰᠢᠢᠳᠪᠦᠷᠢᠯᠡᠬᠦ ᠳᠤ ᠲᠤᠰᠠ ᠦᠭᠡᠢᠶᠤᠮ ᠭᠡᠳᠡᠭ ᠢ ᠬᠠᠷᠠᠭᠤᠯᠵᠤ ᠪᠠᠶᠢᠨ᠎ᠠ᠃ ᠳᠤᠮᠳᠠᠳᠤ ᠤᠯᠤᠰ ︽ᠰᠢᠷᠢᠶ᠎ᠡ | ᠬᠥᠮᠦᠨ ᠭᠤᠣᠯᠯᠠᠨ ᠤᠳᠤᠷᠢᠳᠴᠤ᠂ ᠰᠢᠷᠢᠶ᠎ᠡ ᠬᠥᠮᠦᠨᠥᠮᠴᠢᠯᠡᠬᠦ︾ ᠵᠠᠷᠴᠢᠮ ᠢ ᠪᠠᠷᠢᠮᠲᠠᠯᠠᠵᠤ᠂ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠶᠢ | ᠠᠬᠢᠭᠤᠯᠵᠤ᠂ ᠰᠢᠷᠢᠶ᠎ᠠ ᠵᠢᠨᠠᠷᠠᠳ ᠲᠦᠮᠡᠨ ᠭᠠᠳᠠᠭᠠᠳᠤ ᠶᠢᠨ ᠬᠠᠯᠳᠠᠯᠭ᠎ᠠ ᠦᠭᠡᠢ ᠪᠠᠶᠢᠳᠠᠯ ᠳᠣᠣᠷ᠎ᠠ ᠤᠯᠤᠰ ᠤᠨ ᠢᠷᠡᠭᠡᠳᠦᠢ ᠪᠠᠨ ᠡᠵᠡᠨ | ᠮᠡᠳᠡᠵᠦᠲ᠋ᠤᠭᠲᠠᠭᠠᠪᠠᠯ ᠵᠤᠬᠢᠨ᠎ᠠ ᠭᠡᠳᠡᠭ ᠢ ᠪᠠᠷᠢᠮᠲᠠᠯᠠᠭᠰᠠᠭᠠᠷ ᠢᠷᠡᠵᠠᠢ᠃ ᠠᠮᠧᠷᠢᠺᠠ ᠵᠡᠷᠭᠡ ᠨᠢ ᠰᠢᠷᠢᠶ᠎ᠠ ᠶᠢᠨ ᠨᠤᠲᠤᠭ ᠲᠤ ᠬᠠᠤᠯᠢᠪᠤᠰᠤ ᠪᠠᠷ ᠰᠠᠭᠤᠬᠤ ᠪᠠ | ᠬᠠᠤᠯᠢ ᠪᠤᠰᠤ ᠴᠡᠷᠢᠭ ᠤᠨ ᠶᠠᠪᠤᠳᠠᠯ ᠤᠨ ᠠᠵᠢᠯᠯᠠᠭ᠎ᠠ ᠪᠠᠨ ᠵᠣᠭᠰᠣᠭᠠᠵᠤ᠂ ᠰᠢᠷᠢᠶ᠎ᠠ ᠳᠤ ᠭᠠᠭᠴᠠ ᠲᠠᠯ᠎ᠠ ᠶᠢᠨ ᠵᠠᠯᠬᠠᠭᠠᠯ ᠦᠵᠡᠭᠦᠯᠬᠦ ᠪᠠᠨ ᠵᠣᠭᠰᠣᠵᠤ᠂ | ᠰᠢᠷᠢᠶ᠎ᠠ ᠶᠢᠨ ᠲᠤᠰᠤ᠂ ᠠᠮᠤ ᠪᠤᠳᠠᠭ᠎ᠠ ᠶᠢ ᠬᠤᠯᠠᠭᠠᠶᠢᠯᠠᠬᠤ ᠪᠠᠨᠵᠣᠭᠰᠣᠵᠤ᠂ ᠰᠢᠷᠢᠶ᠎ᠠ ᠶᠢᠨ ᠠᠷᠠᠳ ᠲᠦᠮᠡᠨ ᠳᠤ ᠵᠢᠩᠬᠢᠨᠢ ᠬᠥᠮᠦᠨ ᠤ ᠡᠷᠬᠡ᠂ ᠡᠳ᠋ ᠪᠠᠶᠠᠯᠢᠭ᠂ | ᠡᠷᠬᠡ ᠴᠢᠯᠥᠭᠡ ᠪᠠ ᠨᠡᠷ᠎ᠡ ᠬᠦᠨᠳᠦᠤᠯᠭᠤᠬᠤ ᠶᠢ ᠲᠤᠯᠭᠠᠨ ᠱᠠᠭᠠᠷᠳᠠᠵᠤ ᠪᠠᠶᠢᠨ᠎ᠠ ᠭᠡᠯᠡ᠃ | | |