| ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ | ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠣᠷᠣᠨ ᠤ ᠠᠶᠤᠯᠭᠦᠢ | ᠦᠢᠯᠡᠳᠪᠦᠷᠢᠯᠡᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠪᠤᠶᠠᠨ ᠵᠢᠷᠭᠠᠯ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠶᠡᠭᠡ ᠲᠠᠯ᠎ᠠ ᠳᠤ ᠬᠤᠯᠪᠣᠭᠳᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠶ ᠦᠶ᠋ᠯᠡᠳᠪᠦᠷᠢᠯᠡᠯ ᠤᠨ ᠡᠨᠡ ᠬᠦ ᠰᠢᠵᠢᠮ ᠢ ᠴᠠᠭ ᠢᠮᠠᠭᠲᠠ | ᠴᠢᠩᠭᠠᠯᠠᠵᠤ᠂ ︽ᠴᠠᠭ ᠢᠮᠠᠭᠲᠠ ᠰᠠᠨᠠᠭ᠎ᠠ ᠲᠠᠯᠪᠢᠬᠤ︾ ᠬᠠᠷᠢᠭᠤᠴᠠᠯᠭᠠᠲᠤ ᠰᠡᠳᠭᠢᠯᠭᠡ ᠪᠠᠷ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠲᠦᠢᠯᠪᠦᠷᠢᠲᠠᠢ ᠪᠠᠶᠢᠴᠠᠭᠠᠬᠤ ᠠᠵᠢᠯ ᠢ ᠴᠢᠩᠭ᠎ᠠ ᠪᠣᠳᠠᠲᠠᠶ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠴᠢᠩᠭ᠎ᠠ ᠠᠳᠬᠤᠨ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠢᠯᠠᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠨᠦᠭᠦᠴᠡᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠥᠬᠦ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠰᠠᠶᠢᠲᠤᠷ ᠪᠥᠲᠥᠭᠡᠨ ᠪᠠᠶᠢᠭᠤᠯᠵᠤ ᠰᠠᠶᠢᠲᠤᠷ | ᠬᠠᠮᠢᠶᠠᠷᠤᠨ ᠬᠠᠮᠠᠭᠠᠯᠠᠵᠤ᠂ ᠡᠯ᠎ᠡ ᠵᠦᠶ᠋ᠯ ᠤᠨ ᠡᠭᠦᠷᠭᠡ ᠶᠢ ᠨᠢᠭᠡᠳ ᠨᠢᠭᠡ ᠪᠠᠷ ᠪᠤᠲᠠᠲᠠᠢ ᠳᠤ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠤᠨ ᠤᠨᠠᠯᠳᠠ ᠶᠢ ᠨᠡᠮᠡᠭᠳᠡᠭᠦᠯᠬᠦ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |