9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠮᠠᠨ ᠤ ᠤᠯᠤᠰ ᠤᠨ ᠤᠮᠠᠷᠠᠰᠢ ᠨᠡᠭᠡᠭᠡᠯᠳᠠ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠤᠬᠠᠢ | ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ | ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ | ᠡᠷᠬᠢᠯᠡᠪᠡ᠃ | ᠬᠤᠷᠠᠯ ᠠᠴᠠ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠬᠤ ᠪᠣᠯ | ᠪᠢᠳᠡᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠤᠯᠤᠰ ᠲᠥᠷᠥ ᠶᠢᠨ ᠡᠭᠦᠷᠭᠡ ᠮᠦᠨ᠃ ᠬᠡᠷᠡᠭᠵᠢᠭᠦᠯᠬᠦ ᠲᠥᠰᠦᠯ ᠢᠶᠠᠨ ᠱᠠᠯᠠᠪᠳᠠᠭᠤᠯᠤᠨ ᠲᠡᠭᠦᠯᠳᠡᠷᠵᠢᠭᠦᠯᠵᠦ᠂ | ᠡᠭᠦᠷᠭᠡ ᠶᠢᠨ ᠨᠠᠷᠢᠨ ᠲᠠᠩᠰᠠ ᠶᠢ ᠲᠣᠳᠣᠷᠬᠠᠶᠢᠯᠠᠨ᠂ ᠤᠯᠤᠰ ᠤᠨ ᠳᠡᠮᠵᠢᠯᠭᠡ ᠶᠢ ᠴᠢᠷᠮᠠᠶᠢᠨ ᠣᠯᠵᠤ᠂ ᠡᠷᠴᠢᠮ ᠢᠶᠠᠨ ᠴᠢᠩᠭᠠᠷᠠᠭᠤᠯᠤᠨ᠂ ᠠᠬᠢᠴᠠ ᠪᠠᠨ | ᠲᠦᠷᠭᠡᠳᠭᠡᠵᠦ ᠪᠠᠶᠢᠭᠠᠳ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠭᠠᠳᠠᠭᠠᠳᠤ ᠨᠡᠭᠡᠭᠡᠯᠲᠡ ᠶᠢ ︽ᠨᠢᠭᠡ ᠪᠦᠰᠡ ᠨᠢᠭᠡ | ᠵᠠᠮ︾ ᠳᠠᠭᠠᠤ ᠶᠢᠨ ᠤᠯᠤᠰ ᠣᠷᠣᠨ ᠳᠠᠶᠢᠰᠢ ᠤᠷᠲᠤᠰᠬᠠᠬᠤ ᠶᠢ ᠢᠳᠡᠪᠬᠢᠲᠡᠶ ᠠᠬᠢᠭᠤᠯᠵᠤ᠂ ᠡᠯ᠎ᠡ ᠮᠤᠵᠢ ᠣᠷᠣᠨ ᠬᠤᠲᠠ ᠯᠤᠭ᠎ᠠ ᠶᠢᠨ ᠠᠵᠤ ᠠᠬᠤᠶ ᠶᠢᠨ | ᠬᠠᠮᠵᠢᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠨ᠂ ᠪᠥᠬᠦ ᠣᠷᠣᠨ ᠪᠦᠰᠡ ᠪᠠᠷ ᠨᠡᠭᠡᠭᠡᠯᠲᠡ ᠬᠢᠬᠦ᠂ ᠶᠡᠭᠡ ᠪᠠᠷ ᠨᠡᠭᠡᠭᠡᠯᠲᠡ ᠬᠢᠵᠦ ᠶᠡᠭᠡ ᠪᠠᠷ ᠬᠠᠮᠲᠤᠷᠠᠯᠴᠠᠬᠤ | ᠪᠠᠶᠢᠷᠢᠰᠢᠯ ᠢ ᠪᠠᠶᠢᠭᠤᠯᠤᠨ ᠪᠦᠷᠢᠯᠳᠦᠭᠦᠯᠬᠦ ᠬᠡᠷᠡᠭᠲᠡᠶ᠃ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠳᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ | ᠲᠣᠳᠣᠷᠬᠠᠶᠢᠯᠠᠵᠤ᠂ ᠢᠵᠢᠯᠢ ᠴᠢᠨᠠᠷ ᠪᠦᠬᠦᠢ ᠥᠷᠢᠰᠥᠯᠳᠦᠭᠡᠨ ᠢ ᠰᠡᠷᠭᠡᠶᠢᠯᠡᠬᠦ ᠬᠡᠷᠡᠭᠲᠡᠶ᠃ ᠪᠣᠭᠤᠮᠲᠠ ᠪᠠᠷ ᠥᠩᠭᠡᠷᠡᠬᠦᠯᠬᠦ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠵᠦ᠂ ᠨᠤᠳᠤᠬᠰᠢᠭᠤᠯᠵᠦ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠶ᠋ᠯᠡᠰ ᠢ ᠶᠡᠭᠡ ᠪᠠᠷ ᠬᠥᠭᠵᠢᠭᠦᠯᠵᠦ᠂ ᠬᠢᠯᠢ ᠶᠢᠨ ᠪᠣᠭᠤᠮᠲᠠ ᠬᠢᠭᠡᠳ ᠳᠣᠲᠣᠷ | ᠭᠠᠵᠠᠷ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠶ ᠠᠬᠢᠭᠤᠯᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠠᠵᠤ ᠦᠶ᠋ᠯᠡᠰ ᠬᠥᠭᠵᠢᠨ ᠮᠠᠨᠳᠤᠬᠤ᠂ | ᠪᠠᠷᠠᠭᠠᠨ ᠤ ᠭᠦᠶ᠋ᠯᠭᠡᠭᠡ ᠰᠠᠭᠠᠳ ᠥᠬᠡᠶ ᠨᠡᠪᠲᠡᠷᠡᠬᠦ᠂ ᠠᠷᠠᠯᠵᠢᠶ᠎ᠠ ᠬᠤᠳᠠᠯᠳᠤᠭ᠎ᠠ ᠬᠦᠭᠵᠢᠶᠡᠨᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠴᠠᠭ ᠢᠮᠠᠭᠲᠠ ᠰᠠᠨᠠᠭ᠎ᠠ ᠲᠠᠯᠪᠢᠬᠤ ᠬᠠᠷᠢᠭᠤᠴᠠᠯᠭᠠᠲᠤ ᠰᠡᠳᠭᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠰᠡᠷᠭᠡᠶᠢᠯᠡᠬᠦ ᠪᠠᠷ | ᠭᠤᠣᠯ ᠪᠣᠯᠭᠠᠬᠤ ᠶᠢ ᠲᠤᠪᠤᠶᠢᠯᠭᠠᠨ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠠᠮᠤᠷ | ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠬᠠᠷᠢᠭᠤᠴᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ | ᠃ ᠬᠤᠷᠠᠯ ᠠᠴᠠ ᠪᠥᠬᠦ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠢ ᠬᠢᠨᠠᠨ ᠵᠥᠪᠯᠡᠪᠡ᠃ ᠬᠤᠷᠠᠯ ᠠᠴᠠ᠂ ᠲᠠᠯᠪᠢᠬᠤ ᠪᠠ | ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠮᠢᠶᠠᠷᠤᠯᠲᠠ ᠳᠤ ᠪᠦᠲᠦᠮᠵᠢᠲᠡᠢ ᠣᠷᠣᠯᠴᠠᠬᠤ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠡᠯ᠎ᠡ | ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠬᠢᠬᠦ ᠪᠠᠷ ᠴᠢᠷᠮᠠᠶᠢᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠳᠤ ᠢᠯᠡᠭᠦᠬᠡᠨ ᠰᠠᠶᠢᠨ ᠶᠠᠪᠤᠳᠠᠯ | ᠬᠢᠵᠦ ᠥᠭᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠵᠠᠰᠠᠭ ᠤᠨ ᠣᠷᠳᠣᠨ ᠪᠠ ᠠᠷᠠᠯᠵᠢᠶᠠᠴᠢᠨ ᠤ ᠬᠤᠭᠤᠷᠤᠨᠳᠤᠬᠢ ᠳᠣᠲᠣᠨᠣ ᠴᠢᠬᠡᠴᠢ ᠰᠢᠨ᠎ᠡ ᠬᠠᠷᠢᠴᠠᠭ᠎ᠠ ᠶᠢ ᠪᠠᠶᠢᠭᠤᠯᠬᠤ ᠲᠤᠬᠠᠶ ᠰᠠᠨᠠᠯ︾ | ᠢ ᠬᠢᠨᠠᠨ ᠵᠥᠪᠯᠡᠪᠡ᠃ ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠠᠵᠤ ᠠᠬᠤᠶᠢᠯᠠᠯ ᠲᠠᠢ ᠲᠥᠪ ᠴᠢᠬᠡᠴᠢ ᠪᠠᠷ ᠬᠠᠷᠢᠯᠴᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠢ ᠢᠯᠡᠭᠦᠬᠡᠨ ᠠᠩᠬᠠᠷᠴᠤ᠂ ᠪᠠᠶᠢᠩᠭᠤ ᠬᠠᠷᠢᠯᠴᠠᠵᠤ᠂ ᠠᠵᠤ ᠠᠬᠤᠶᠢᠯᠠᠯ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠪᠰᠤᠷᠤᠨ | ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ | ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠳᠡᠮᠵᠢᠬᠦ ᠲᠤᠬᠠᠢ ᠠᠷᠭ᠎ᠠ | ᠬᠡᠮᠵᠢᠶ᠎ᠡ ᠨᠦᠭᠦᠳ︾ ᠢ ᠬᠢᠨᠠᠨ ᠵᠥᠪᠯᠡᠪᠡ᠃ ᠬᠤᠷᠠᠯ ᠠᠴᠠ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠦᠬᠦ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠡᠢ᠂ ᠡᠯ᠎ᠡ ᠱᠠᠲᠤᠨ ᠤ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠦᠴᠦ ᠪᠠᠷ ᠢᠶᠠᠨ ᠳᠡᠮᠵᠢᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠶᠢ | ᠴᠢᠩᠭᠠᠳᠬᠠᠵᠤ᠂ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠪᠠ ᠨᠠᠶᠢᠳᠠᠪᠤᠷᠢᠵᠢᠭᠤᠯᠬᠤ | ᠠᠷᠭ᠎ᠠ ᠶᠢ ᠲᠡᠷᠡ ᠳᠠᠷᠤᠶ ᠳᠤᠨᠢ ᠮᠡᠳᠡᠭᠦᠯᠵᠦ᠂ ᠠᠵᠤ ᠠᠬᠤᠶᠢᠯᠠᠯ ᠤᠨ ᠠᠰᠠᠭᠤᠳᠠᠯ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ ᠶᠢ ᠦᠨᠡᠨ ᠬᠦ ᠪᠡᠶᠡᠯᠡᠭᠦᠯᠵᠦ᠂ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢᠨ ᠦᠨᠡᠨ ᠬᠦ ᠠᠵᠤ ᠠᠬᠤᠶᠢᠯᠠᠯ ᠳᠤ ᠠᠰᠢᠭ ᠬᠦᠷᠲᠡᠭᠡᠵᠦ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | |