9 ᠰᠠᠷ᠎ᠠ ᠶᠢᠨ 23 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶᠠᠨ ᠠᠴᠠ ᠤᠢᠢᠯᠠᠭᠠᠭᠰᠠᠠ ᠢᠶᠠᠷ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠡᠷᠬᠢᠮᠯᠡᠵᠦ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠶᠢ | ᠭᠦᠨᠵᠡᠭᠡᠢ ᠠᠬᠢᠭᠤᠯᠵᠤ᠂ ᠮᠤᠵᠢ ᠶᠢᠨ ᠲᠡᠰ ᠤᠨ ᠺᠠᠳ᠋ᠷ ᠤᠨ ᠲᠦᠷ ᠰᠠᠭᠤᠬᠤ ᠨᠡᠶᠢᠲᠡ ᠶᠢᠨ ᠰᠠᠭᠤᠴᠠ ᠳᠠᠬᠢ ᠬᠡᠰᠡᠭ ᠣᠷᠣᠨ ᠰᠠᠭᠤᠴᠠ ᠰᠤᠯᠠ ᠲᠠᠯᠪᠢᠭᠳᠠᠵᠤ | ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠤᠯᠠ ᠲᠠᠯᠪᠢᠭᠳᠠᠵᠤ ᠪᠠᠶᠢᠭ᠎ᠠ ᠭᠡᠷ ᠬᠦᠷᠦᠩᠭᠡ ᠶᠢ | ᠪᠦᠲᠦᠮᠵᠢᠲᠡᠢ ᠠᠮᠢᠳᠤᠯᠢᠭᠵᠢᠭᠤᠯᠤᠨ ᠠᠰᠢᠭᠯᠠᠵᠤ᠂ ᠰᠢᠨ᠎ᠡ ᠪᠠᠷ ᠪᠡᠯᠡ ᠣᠷᠣᠭᠤᠯᠬᠤ ᠪᠠ ᠪᠦᠷᠢᠯᠭᠡᠨ ᠰᠦᠢᠳᠭᠡᠬᠦ ᠪᠠᠶᠢᠳᠠᠯ ᠦᠷᠭᠦᠯᠵᠢᠯᠡᠨ ᠡᠭᠦᠰᠬᠦ ᠠᠴᠠ | ᠵᠠᠶᠢᠯᠠᠰᠭᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠤᠵᠢ ᠶᠢᠨ ᠲᠡᠰ ᠤᠨ ᠺᠠᠳ᠋ᠷ ᠤᠨ ᠲᠦᠷ ᠰᠠᠭᠤᠬᠤ | ᠨᠡᠶᠢᠲᠡ ᠶᠢᠨ ᠰᠠᠭᠤᠴᠠ ᠶᠢ ᠪᠠᠲᠤᠯᠠᠭ᠎ᠠ ᠶᠢᠨ ᠣᠷᠣᠨ ᠰᠠᠭᠤᠴᠠ ᠶᠢᠨ ᠰᠠᠭᠤᠭᠠᠯᠢ ᠠᠷᠠᠳ ᠤᠨ ᠲᠣᠭᠤᠷᠢᠭ ᠲᠤ ᠲᠤᠬᠢᠷᠠᠭᠤᠯᠬᠤ ᠪᠠᠷ ᠲᠤᠭᠲᠠᠪᠠ᠃ | ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠡᠰ ᠤᠨ ᠺᠠᠳ᠋ᠷ ᠤᠨ 26 ᠢᠵᠢ ᠲᠦᠷ ᠰᠠᠭᠤᠬᠤ ᠨᠡᠶᠢᠲᠡ ᠶᠢᠨ ᠰᠠᠭᠤᠴᠠ ᠶᠢ 2009 | ᠣᠨ ᠠᠴᠠ ᠡᠬᠢᠯᠡᠨ ᠪᠦᠲᠦᠬᠡᠨ ᠪᠠᠶᠢᠭᠤᠯᠵᠤ᠂ 2011 ᠣᠨ ᠳᠤ ᠠᠰᠢᠭᠯᠠᠯᠲᠠ ᠳᠤ ᠣᠷᠣᠭᠤᠯᠵᠤ᠂ ᠲᠠᠯᠠᠪᠠᠢ ᠨᠢ ᠮᠤᠵᠢ ᠶᠢᠨ ᠲᠡᠰ ᠤᠨ ᠺᠠᠳ᠋ᠷ ᠤᠨ ᠣᠷᠣᠨ | ᠰᠠᠭᠤᠴᠠ ᠶᠢᠨ ᠬᠡᠷᠡᠭᠯᠡᠭᠡᠨ ᠤ ᠪᠠᠷᠢᠮᠵᠢᠶ᠎ᠠ ᠠᠴᠠ ᠳᠠᠪᠠᠭᠰᠠᠨ ᠪᠠᠶᠢᠨ᠎ᠠ᠃ 2020 ᠣᠨ ᠠᠴᠠ ᠡᠬᠢᠯᠡᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠦᠨᠳᠦᠰᠦᠯᠡᠨ | ᠂ ᠲᠠᠯᠠᠪᠠᠶ ᠨᠢ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠨᠡᠶᠢᠲᠡ ᠶᠢᠨ ᠤᠷᠤᠨ ᠰᠠᠭᠤᠴᠠ ᠶᠢ ᠵᠠᠯᠭᠠᠭ᠎ᠠ ᠪᠠᠷ ᠥᠭᠡᠷᠡᠴᠢᠯᠡᠨ ᠵᠠᠰᠠᠪᠠ᠃ ᠥᠭᠡᠷᠡᠴᠢᠯᠡᠨ ᠵᠠᠰᠠᠬᠰᠡᠨ ᠤ | ᠳᠠᠷᠠᠭ᠎ᠠ ᠬᠡᠷᠡᠭᠯᠡᠭᠡᠨ ᠤ ᠲᠠᠯᠠᠪᠠᠢ ᠨᠢ ᠬᠡᠳᠦ᠋ᠢᠪᠡᠷ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠣᠯᠪᠠᠴᠤ ᠬᠡᠲᠦᠷᠡᠭᠰᠡᠨ ᠬᠡᠰᠡᠭ ᠢ ᠨᠢ | ᠪᠦᠲᠦᠮᠵᠢᠲᠡᠶ ᠠᠰᠢᠭᠯᠠᠬᠤ ᠶᠢᠨ ᠠᠷᠭ᠎ᠠ ᠦᠭᠡᠢ ᠪᠤᠯᠤᠭᠰᠠᠨ ᠠᠴᠠ ᠰᠤᠯᠠ ᠲᠠᠯᠪᠢᠭᠳᠠᠵᠤ ᠪᠦᠷᠢᠯᠭᠡᠭᠰᠡᠨ ᠪᠠᠶᠢᠳᠠᠯ ᠭᠠᠷᠴᠠᠢ᠃ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠮᠤᠵᠢ ᠶᠢᠨ ᠲᠡᠰ ᠤᠨ ᠺᠠᠳ᠋ᠷ ᠤᠨ ᠲᠦᠷ ᠰᠠᠭᠤᠬᠤ ᠣᠷᠣᠨ ᠰᠠᠭᠤᠴᠠ ᠶᠢ ᠭᠤᠣᠯᠳᠠᠭᠤ ᠣᠳᠣ | ᠪᠠᠶᠢᠭ᠎ᠠ ᠨᠦᠬᠡᠴᠡ ᠭᠡᠷ ᠪᠠᠶᠢᠰᠢᠩ ᠤᠨ ᠲᠤᠮᠳᠠ ᠠᠴᠠ ᠲᠣᠬᠢᠷᠠᠭᠤᠯᠬᠤ ᠮᠦᠷᠲᠡᠭᠡᠨ ᠪᠠᠷᠢᠯᠭ᠎ᠠ ᠶᠢᠨ ᠲᠠᠯᠠᠪᠠᠶ ᠨᠢ ᠡᠷᠬᠡᠪᠰᠢ ᠣᠷᠣᠨ ᠰᠠᠭᠤᠴᠠ ᠶᠢᠨ ᠲᠠᠯᠠᠪᠠᠶ ᠶᠢᠨ | ᠪᠠᠷᠢᠮᠵᠢᠶ᠎ᠠ ᠳᠤ ᠨᠡᠶᠢᠴᠡᠭᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠡᠷ ᠬᠥᠷᠥᠩᠭᠡ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠠᠰᠢᠭᠯᠠᠬᠤ ᠶᠢ | ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠤ᠂ ᠮᠤᠵᠢ ᠶᠢᠨ ᠲᠡᠰ ᠤᠨ ᠺᠠᠳ᠋ᠷ ᠤᠨ ᠲᠦᠷ ᠰᠠᠭᠤᠬᠤ ᠨᠡᠶᠢᠲᠡ ᠶᠢᠨ ᠰᠠᠭᠤᠴᠠ ᠶᠢ ᠮᠤᠵᠢ ᠶᠢᠨ | ᠲᠡᠰ ᠤᠨ ᠺᠠᠳ᠋ᠷ ᠤᠨ ᠪᠠᠲᠤᠯᠠᠭ᠎ᠠ ᠶᠢᠨ ᠣᠷᠣᠨ ᠰᠠᠭᠤᠴᠠ ᠶᠢᠨ ᠰᠠᠭᠤᠭᠠᠯᠢ ᠠᠷᠠᠳ ᠤᠨ ᠲᠣᠭᠤᠷᠢᠭ ᠲᠤ ᠨᠢᠭᠡᠳᠦᠯᠲᠡᠶ ᠲᠣᠬᠢᠷᠠᠭᠤᠯᠬᠤ ᠪᠠᠷ ᠪᠤᠯᠪᠠ᠃ ᠰᠤᠯᠠᠯᠠᠵᠤ | ᠭᠠᠷᠭᠠᠭᠰᠠᠨ ᠲᠦᠷ ᠰᠠᠭᠤᠬᠤ ᠨᠡᠶᠢᠲᠡ ᠶᠢᠨ ᠰᠠᠭᠤᠴᠠ ᠶᠢ ᠤᠯᠠᠮ ᠴᠢᠨᠠᠭᠰᠢᠳᠠ ᠠᠮᠢᠳᠤᠯᠢᠭᠵᠢᠭᠤᠯᠤᠨ ᠠᠰᠢᠭᠯᠠᠵᠤ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠨᠦᠬᠦᠳ᠂ ᠮᠤᠵᠢ ᠶᠢᠨ | ᠲᠡᠰ ᠤᠨ ᠺᠠᠳ᠋ᠷ ᠤᠨ ᠲᠦᠷ ᠰᠠᠭᠤᠬᠤ ᠨᠡᠶᠢᠲᠡ ᠶᠢᠨ ᠰᠠᠭᠤᠴᠠ ᠶᠢ ᠲᠣᠬᠢᠷᠠᠭᠤᠯᠬᠤ ᠠᠵᠢᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠬᠢᠲᠤᠭ᠎ᠠ ᠶᠢᠨ ᠢᠷ ᠢ ᠳᠣᠲᠣᠭᠰᠢ ᠬᠠᠨᠳᠤᠭᠤᠯᠵᠤ᠂ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠳᠡᠭᠡᠷ᠎ᠡ ᠱᠠᠲᠤ ᠨᠢ ᠳᠤᠤᠷ᠎ᠠ ᠱᠠᠲᠤ ᠪᠠᠨ ᠳᠠᠭᠠᠭᠤᠯᠤᠨ᠂ | ᠡᠬᠢ ᠪᠠᠶᠠᠯᠢᠭ ᠢ ᠠᠷᠪᠢᠯᠠᠬᠤ ᠤᠯᠤᠰ ᠤᠨ ᠦᠨᠳᠦᠰᠦᠨ ᠲᠦᠷᠦ ᠶᠢᠨ ᠪᠣᠳᠣᠯᠭ᠎ᠠ ᠶᠢ ᠲᠦᠷᠦᠭᠦᠯᠡᠨ ᠲᠤᠭᠤᠰᠢᠯᠠᠭᠤᠯᠬᠤ ᠪᠣᠳᠠᠲᠠᠶ ᠠᠵᠢᠯᠯᠠᠭ᠎ᠠ ᠮᠥᠨ᠂ ᠪᠥᠬᠦ ᠣᠷᠣᠨ | ᠲᠠᠶᠠᠭᠠᠷ ᠤᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠠᠬᠢᠭᠤᠯᠬᠤ ᠳᠤ ᠥᠯᠢᠭᠡᠷ ᠳᠠᠭᠤᠷᠢᠶᠠᠯ | ᠪᠣᠯᠵᠠᠢ᠃ ᠲᠠᠷᠠᠭᠠᠴᠢ ᠶᠢᠨ ᠠᠯᠬᠤᠮ ᠳᠤ᠂ ᠪᠢᠳᠡ ᠨᠠᠮ ᠵᠠᠰᠠᠭ ᠤᠨ ᠪᠠᠶᠢᠭᠤᠯᠭ᠎ᠠ ᠶᠢᠨ ᠶᠡᠭᠡ ᠬᠦᠷᠢᠶᠡᠨ ᠠᠴᠠ ᠡᠬᠢᠯᠡᠨ ᠬᠢᠵᠦ᠂ ᠠᠯᠢᠪᠠ ᠠᠵᠢᠯ ᠦᠶ᠋ᠯᠡᠰ ᠢ ᠠᠵᠢᠯᠴᠢ | ᠠᠷᠪᠢᠴᠢ ᠪᠠᠷ ᠡᠷᠭᠢᠯᠡᠬᠦ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶ᠋ᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠨᠡᠭᠦᠯᠭᠡᠬᠦ ᠵᠡᠷᠭᠡ ᠬᠠᠮᠢᠶ᠎ᠠ ᠪᠥᠬᠦᠶ ᠠᠵᠢᠯ ᠢ ᠢᠳᠡᠪᠬᠢᠲᠡᠶ ᠰᠠᠶᠢᠲᠤᠷ ᠬᠢᠬᠦ ᠶᠢᠨ ᠬᠠᠮᠲᠤ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢᠨ ᠳᠠᠯᠳᠠ | ᠬᠦᠴᠦᠨ ᠢ ᠭᠦᠨᠵᠡᠭᠡᠶ ᠠᠭᠤᠳᠠᠯᠵᠤ᠂ ᠰᠤᠯᠠᠯᠠᠵᠤ ᠭᠠᠷᠭᠠᠭᠰᠠᠨ ᠬᠡᠷ ᠬᠥᠷᠥᠩᠭᠡ ᠶᠢ ᠣᠨᠣᠴᠠᠲᠠᠶ ᠠᠮᠢᠳᠤᠯᠢᠭᠵᠢᠭᠤᠯᠵᠤ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ | ᠠᠵᠢᠯᠯᠠᠭ᠎ᠠ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠢᠯᠡᠳᠭᠡᠪᠡ᠃ |