ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠪᠠ ᠵᠠᠩ ᠱᠤᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/9/27
        9 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠦᠬᠠᠢ ᠬᠤᠲᠠ ᠳᠤ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠨ ᠵᠢᠯᠤᠭᠤᠳᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃        ᠬᠤᠷᠠᠯ ᠠᠴᠠ ᠱᠠᠭᠠᠷᠳᠠᠬᠤ ᠳᠤ ᠪᠠᠨ᠂ ᠦᠬᠠᠢ ᠬᠤᠳᠠ᠂ ᠣᠷᠳᠣᠰ ᠬᠤᠳᠠ᠂ ᠠᠯᠠᠱᠠ ᠠᠶᠢᠮᠠᠭ ᠪᠣᠯᠣᠨ ︽ᠭᠤᠷᠪᠠᠨ ᠬᠤᠳᠠ ᠶᠢᠨ ᠲᠣᠭᠤᠷᠢᠭ︾᠂ ︽ᠵᠢᠷᠭᠤᠭᠠᠨ ᠬᠦᠷᠢᠶᠡᠯᠡᠩ ᠲᠣᠭᠤᠷᠢᠭ︾ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠴᠢᠬᠤᠯᠠ ᠨᠥᠬᠦᠴᠡᠯ ᠪᠣᠯᠣᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠥᠨᠳᠥᠷᠴᠡ ᠠᠴᠠ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︽ᠪᠦᠬᠦᠯᠢ ᠴᠣᠭᠴᠠ ᠶᠢᠨ ᠳᠠᠶᠢᠯᠠᠯᠳᠤᠭᠠᠨ︾᠂ ︽ᠬᠠᠮᠵᠢᠯᠴᠠᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠬᠦ ᠬᠡᠷᠡᠭᠲᠡᠢ᠃ ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ᠂ ᠬᠤᠳᠠ ᠶᠢᠨ ᠲᠣᠭᠤᠷᠢᠭ ᠣᠨᠴᠠᠭᠠᠶᠢᠯᠠᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ᠂ ᠠᠵᠤ ᠦᠢᠯᠡᠳᠪᠦᠷᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠵᠥᠷᠢᠶ᠎ᠡ ᠪᠠ ᠳᠤᠲᠠᠭᠤᠳᠠᠯ ᠢ ᠣᠨᠣᠪᠴᠢᠲᠠᠢ ᠡᠷᠢᠵᠦ᠂ ᠲᠦᠷᠦ ᠶᠢᠨ ᠪᠣᠳᠣᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠵᠦ᠂ ᠰᠢᠰᠲ᠋ᠧᠮ ᠲᠠᠢ ᠵᠠᠰᠠᠵᠤ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠵᠢᠯᠴᠠᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ ᠭᠡᠵᠡᠢ᠃        ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠬᠢᠨᠠᠨ ᠵᠢᠯᠣᠭᠤᠳᠪᠠ᠃
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ