ᠤᠷᠠᠳ ᠤᠨ ᠬᠤᠶᠢᠲᠤ  ᠬᠤᠰᠢᠭᠤᠨ ᠤ  ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾  ᠶᠢ ᠡᠬᠦᠳᠤᠨ ᠪᠠᠶᠢᠭᠤᠯᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/9/29
ᠪᠥᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠳᠤ᠄        ᠬᠤᠰᠢᠭᠤᠨ ᠤ ᠠᠷᠪᠠᠨ ᠨᠢᠭᠡᠳᠦᠭᠡᠷ  ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ  ᠲᠤᠷᠠᠳᠤᠬᠰᠠᠨ ︽ᠭᠤᠷᠪᠠᠨ ᠰᠠᠭᠤᠷᠢᠨ ᠭᠠᠵᠠᠷ ᠭᠤᠷᠪᠠᠨ ᠵᠢᠱᠢᠶ᠎ᠡ ᠦᠵᠡᠭᠦᠯᠬᠦ ᠬᠤᠶᠠᠷ ᠥᠯᠢᠭᠡᠷ ᠳᠠᠭᠤᠷᠢᠶᠠᠯ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠬᠡᠪᠴᠢᠶᠡᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠪᠠᠷ ᠲᠣᠭᠲᠠᠪᠠ᠃ ᠰᠡᠳᠬᠢᠯ  ᠢᠶᠠᠨ ᠨᠢᠬᠡᠳᠬᠡᠨ ᠬᠦᠴᠤ ᠪᠠᠨ ᠬᠠᠮᠳᠤᠳᠬᠠᠵᠤ᠂ ᠪᠦᠬᠦ ᠬᠤᠰᠢᠭᠤᠨ ᠤ ᠡᠯ᠎ᠠ ᠦᠨᠳᠤᠰᠤᠳᠠᠨ ᠤ  ᠺᠠᠳ᠋ᠷ ᠤᠯᠠᠨ ᠲᠦᠮᠡᠨ ᠤ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠵᠢᠱᠢᠶ᠎ᠠ ᠦᠵᠡᠬᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠠᠵᠢᠯ ᠤᠨ ᠲᠤᠮᠳᠠ ᠢᠳᠡᠪᠬᠢ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠠᠳᠡ ᠪᠢᠳᠡ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄        ᠨᠢᠭᠡ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠤᠶ᠎ᠠ᠃ ᠪᠥᠬᠦ ᠬᠤᠰᠢᠭᠤᠨ ᠤ  ᠡᠯ᠎ᠠ ᠦᠨᠳᠦᠰᠦᠲᠡᠨ  ᠤ ᠺᠠᠳ᠋ᠷ ᠣᠯᠠᠨ ᠲᠦᠮᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠡᠨᠡ ᠬᠦ ᠭᠤᠤᠯ ᠰᠢᠵᠢᠮ ᠢ ᠡᠭᠦᠳᠦᠨ ᠪᠠᠶᠢᠭᠤᠯᠬᠤ ᠠᠵᠢᠯ ᠤᠨ ᠡᠯ᠎ᠡ ᠬᠦᠷᠢᠶ᠎ᠡ  ᠴᠡᠷ᠎ᠠ ᠪᠠ ᠪᠥᠬᠦ ᠶᠠᠪᠤᠴᠠ ᠳᠤ ᠭᠤᠶᠢᠪᠢᠰᠢ ᠥᠬᠡᠶ ᠲᠤᠤᠱᠯᠠᠭᠤᠯᠵᠤ᠂ ︽ᠭᠤᠷᠪᠠᠨ ᠰᠠᠯᠵᠤ ᠴᠢᠳᠠᠬᠤ ᠥᠬᠡᠶ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ︽  ᠲᠠᠪᠤ ᠶᠢ ᠮᠠᠳᠠᠷᠠᠬᠦᠢ︾ ᠶᠢ  ᠲᠡᠬᠡᠭᠰᠢᠯᠠᠬᠦᠯᠤᠨ᠂᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠨᠠᠮ ᠢᠶᠠᠨ ᠬᠠᠶᠢᠷᠠᠯᠠᠵᠤ᠂ ᠡᠬᠡ ᠤᠯᠤᠰ ᠢᠶᠠᠨ ᠬᠠᠶᠢᠷᠠᠯᠠᠵᠤ᠂ ᠠᠷᠠᠳ ᠲᠦᠮᠡᠨ ᠢᠶᠠᠨ ᠬᠠᠶᠢᠷᠠᠯᠠᠵᠤ᠂ ᠨᠤᠳᠤᠭ ᠤᠰᠤ ᠪᠠᠨ ᠬᠠᠶᠢᠷᠠᠯᠠᠵᠠᠭᠠᠶ᠎ᠠ᠃        ᠬᠤᠶᠠᠷ᠂  ᠠᠬᠠᠨ ᠲᠡᠬᠦᠤᠰ ᠮᠡᠳᠤ ᠲᠤᠳᠤᠨᠤ ᠪᠠᠶᠢᠯᠴᠠᠵᠤ᠂ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠶ᠎ᠠ᠃ ᠪᠦᠬᠦ ᠬᠤᠰᠢᠭᠤᠨ ᠤ  ᠡᠯ᠎ᠠ ᠦᠨᠳᠦᠰᠦᠲᠡᠨ  ᠤ ᠺᠠᠳ᠋ᠷ ᠣᠯᠠᠨ ᠲᠦᠮᠡᠨ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠵᠤ᠂  ᠦᠨᠳᠤᠰᠤᠳᠠᠨ ᠤ ᠪᠦᠯᠬᠦᠮᠳᠠᠯ ᠢ ᠨᠢᠳᠤᠨ ᠴᠡᠴᠡᠬᠡᠢ ᠪᠠᠨ ᠰᠢᠭ ᠬᠠᠶᠢᠷᠠᠯᠠᠵᠤ᠂ ᠦᠨᠳᠦᠰᠦᠲᠡᠨ ᠤ ᠪᠦᠯᠬᠦᠮᠳᠡᠯ ᠢ ᠠᠮᠢ ᠨᠠᠰᠤ ᠪᠠᠨ ᠨᠠᠨᠳᠢᠩᠨᠠᠬᠤ ᠮᠡᠳᠤ ᠡᠷᠬᠢᠮᠯᠠᠵᠤ᠂ ᠤᠬᠠᠮᠰᠠᠷ ᠠᠴᠠ  ᠪᠠᠨ ᠦᠨᠳᠤᠰᠤᠳᠠᠨ ᠤ ᠪᠦᠯᠬᠦᠮᠳᠠᠯ ᠲᠡᠪᠰᠢᠯᠳᠠ ᠶᠢᠨ ᠦᠢᠯᠡᠰ ᠤᠨ ᠤᠬᠠᠭᠤᠯᠤᠭᠴᠢ᠂ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ  ᠪᠤᠯᠵᠠᠭᠠᠶ᠎ᠠ᠃        ᠭᠤᠷᠪᠠ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠴᠦ᠂ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠶ ᠤᠷᠤᠯᠴᠠᠶ᠎ᠠ᠃ ᠪᠥᠬᠦ ᠬᠤᠰᠢᠭᠤᠨ ᠤ  ᠡᠯ᠎ᠠ ᠦᠨᠳᠤᠰᠤᠳᠠᠨ ᠤ ᠺᠠᠳ᠋ᠷ ᠣᠯᠠᠨ ᠲᠦᠮᠡᠨ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠣᠷᠣᠯᠴᠠᠵᠤ᠂ ᠡᠯ᠎ᠡ ᠲᠥᠷᠥᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠬᠦᠳᠤᠨ ᠪᠠᠶᠢᠭᠤᠯᠬᠤ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠤ᠂ ᠦᠪᠡᠷ ᠤᠨ ᠪᠡᠶ᠎ᠠ ᠠᠴᠠ ᠪᠠᠨ ᠡᠬᠢᠯᠠᠵᠤ᠂ ᠵᠢᠵᠢᠭ ᠶᠠᠪᠤᠳᠠᠯ ᠠᠴᠠ ᠭᠠᠷᠳᠠᠨ᠂ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠪᠣᠯᠬᠤ ᠪᠠᠷ ᠴᠢᠷᠮᠠᠶᠢᠵᠤ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠠᠬᠢᠭᠤᠯᠤᠨ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠶ᠎ᠠ᠃ ᠢᠳᠡᠪᠬᠢ ᠬᠦᠴᠦᠨ ᠢᠶᠠᠷ ᠳᠡᠷᠭᠡᠳᠡᠬᠢ ᠡᠯ᠎ᠠ ᠦᠨᠳᠦᠰᠦᠲᠡᠨ ᠤ ᠤᠯᠠᠨ ᠲᠦᠮᠡᠨ ᠢ   ᠲᠠᠭᠠᠭᠤᠯᠤᠨ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠢ ᠬᠠᠮᠲᠤᠪᠠᠷ ᠬᠠᠮᠠᠭᠠᠯᠠᠶ᠎ᠠ᠃         ᠪᠦᠬᠦ ᠬᠤᠰᠢᠭᠤᠨ ᠤ ᠡᠯ᠎ᠠ ᠦᠨᠳᠤᠰᠤᠳᠠᠨ ᠤ ᠠᠬᠠᠨ ᠲᠡᠬᠦᠰ ᠡ᠂ ᠭᠠᠷ ᠭᠠᠷ ᠢᠶᠠᠨ ᠬᠤᠯᠪᠣᠨ᠂ ᠰᠡᠳᠬᠢᠯ ᠨᠢᠬᠡᠳᠡᠢ ᠪᠠᠷ《 ᠪᠦᠬᠦ ᠤᠯᠤᠰ ᠤᠨ ᠦᠨᠳᠤᠰᠤᠳᠠᠨ ᠤ ᠪᠦᠯᠬᠦᠮᠳᠠᠯ ᠲᠡᠪᠰᠢᠯᠳᠠ ᠶᠢᠨ ᠵᠢᠱᠢᠶ᠎ᠠ ᠦᠵᠡᠬᠦᠯᠬᠦ ᠬᠤᠰᠢᠭᠤ》 ᠶᠢ ᠡᠬᠦᠳᠤᠨ ᠪᠠᠶᠢᠭᠤᠯᠬᠤ ᠠᠭᠤᠤ ᠶᠡᠭᠡ ᠦᠢᠯᠡᠳᠤᠯᠬᠡ ᠳᠤ ᠬᠠᠮᠳᠤ ᠪᠠᠷ ᠤᠷᠤᠯᠴᠠᠵᠤ᠂  ᠤᠷᠠᠳ ᠤᠨ ᠬᠤᠶᠢᠳᠤ ᠬᠤᠰᠢᠭᠤ ᠶᠢ ᠡᠬᠡ ᠤᠯᠤᠰ ᠤᠨ ᠤᠮᠠᠷᠠᠳᠤ ᠬᠢᠯᠢ ᠶᠢᠨ ᠭᠤᠶᠢᠳᠠ ᠰᠠᠶᠢᠬᠠᠨ ᠦᠵᠡᠮᠵᠢ ᠶᠢᠨ ᠱᠤᠭᠤᠮ ᠤᠨ ᠬᠡᠷᠡᠯᠳᠤ ᠰᠤᠪᠤᠳ ᠪᠤᠯᠭᠠᠨ ᠪᠦᠳᠤᠬᠡᠨ ᠪᠠᠶᠢᠭᠤᠯᠬᠤ ᠪᠠᠷ ᠴᠦᠬᠦᠷᠡᠰᠢ ᠦᠭᠡᠢ ᠲᠡᠮᠡᠴᠡᠵᠡᠭᠡᠶ᠎ᠡ︕                 ᠤᠷᠠᠳ ᠤᠨ ᠬᠤᠶᠢᠲᠤ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠬᠦᠳᠤᠨ ᠪᠠᠶᠢᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ                                2022 ᠤᠨ ᠤ  8 ᠰᠠᠷ᠎ᠠ
ᠢᠷᠡᠯᠲᠡ᠄ ᠤᠷᠠᠳ ᠤᠨ ᠬᠤᠶᠢᠲᠤ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠬᠦᠳᠤᠨ ᠪᠠᠶᠢᠭᠤᠯᠬᠤ