ᠡᠷᠳᠡᠮᠲᠡᠨ ᠮᠡᠷᠭᠡᠵᠢᠯᠲᠡᠨ ᠤᠷᠢᠵᠤ ᠮᠣᠩᠭᠤᠯ ᠡᠮ ᠡᠮᠨᠡᠯᠭᠡ ᠶᠢᠨ ᠦᠢᠯᠡᠰ ᠢᠶᠠᠨ ᠬᠥᠭᠵᠢᠭᠦᠯᠤᠨ᠎ᠡ
ᠨᠡᠶᠢᠲᠡᠯᠡᠭᠰᠡᠨ ᠴᠠᠭ᠄
2022/9/29
       2018 ᠣᠨ ᠪᠤᠯ ᠮᠠᠨ ᠤ ᠬᠤᠳᠠ ᠶᠢᠨ ︽ᠬᠤᠳᠠᠯᠳᠤᠭᠠᠴᠢᠨ ᠤᠷᠢᠵᠦ ᠪᠡᠯᠡ ᠮᠦᠩᠬᠦ ᠲᠡᠳᠡᠨ ᠤᠷᠤᠭᠤᠯᠬᠤ ᠵᠢᠯ︾ ᠪᠤᠯᠤᠨ᠎ᠠ᠃ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ︽ᠬᠤᠳᠠᠯᠳᠤᠭᠠᠴᠢᠨ ᠤᠷᠢᠵᠦ ᠪᠡᠯᠡ ᠮᠦᠩᠬᠦ ᠲᠡᠳᠡᠨ ᠤᠷᠤᠭᠤᠯᠬᠤ ᠵᠢᠯ︾ ᠤᠨ ᠠᠵᠢᠯᠯᠠᠭ᠎ᠠ ᠶᠢ ᠬᠦᠡᠵᠡᠭᠡᠢ ᠦᠷᠨᠢᠬᠦᠯᠵᠦ᠂ ᠠᠭᠤᠯᠠ ᠤᠰᠤ ᠤᠢ ᠲᠡᠷᠢᠶ᠎ᠡ ᠨᠠᠭᠤᠷ ᠪᠡᠯᠴᠢᠭᠡᠷ ᠡᠯᠡᠰᠤᠨ ᠤ ᠶᠡᠷᠦᠩᠬᠡᠶᠢᠯᠡᠭᠰᠡᠨ ᠵᠠᠰᠠᠯᠳᠠ᠂ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠠ ᠶᠢ ᠦᠢᠯᠡᠳᠪᠤᠷᠢᠯᠡᠨ ᠡᠳ᠋ᠰᠢᠬᠦᠯᠵᠦ ᠪᠤᠯᠪᠠᠰᠤᠷᠠᠭᠤᠯᠬᠤ᠂ ᠪᠤᠭᠤᠮᠳᠠ ᠶᠢᠨ ᠠᠵᠤ ᠠᠬᠤᠢ ᠵᠡᠷᠭᠡ ᠭᠤᠤᠯᠳᠠᠯᠭ᠎ᠠ ᠲᠠᠢ ᠴᠠᠷᠠᠭ᠎ᠠ ᠶᠢᠨ ᠲᠤᠭᠤᠷᠢᠨ ᠳᠤ᠂ ᠨᠠᠷᠢᠯᠢᠭ ᠤᠨᠤᠪᠴᠢᠳᠡᠢ ᠪᠠᠷ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠦᠷᠨᠢᠬᠦᠯᠵᠦ᠂ ᠨᠢᠭᠡ ᠪᠦᠯᠦᠭ ᠪᠤᠳᠠᠳᠤ ᠬᠦᠴᠦᠨ ᠲᠠᠢ᠂ ᠰᠢᠨ᠎ᠠ ᠮᠡᠷᠭᠡᠵᠢᠯ ᠲᠠᠢ᠂ ᠰᠠᠶᠢᠨ ᠢᠳᠡᠭᠡᠮᠵᠢᠳᠡᠢ ᠲᠣᠯᠣᠭᠠᠶᠢᠯᠠᠬᠤ ᠠᠵᠤ ᠠᠬᠤᠶᠢᠯᠠᠯ ᠢ ᠲᠡᠳᠡᠨ ᠤᠷᠤᠭᠤᠯᠬᠤ ᠬᠡᠷᠡᠭᠳᠡᠢ ᠬᠡᠵᠦ ᠳᠤᠷᠠᠳᠪᠠ᠃       ᠳᠠᠪᠰᠢᠯᠲᠤ ᠲᠦᠯᠦᠭᠡᠯᠡᠭᠴᠢ ᠰᠤᠷᠪᠤᠯᠵᠢᠯᠠᠭ᠎ᠠ ᠬᠦᠯᠢᠶᠡᠬᠦ ᠳᠤ ᠢᠯᠡᠷᠬᠡᠶᠢᠯᠡᠭᠰᠡᠨ ᠨᠢ᠂ ᠮᠠᠨ ᠤ ᠬᠤᠲᠠ ᠶᠢᠨ ᠡᠯ᠎ᠡ ᠮᠣᠩᠭᠤᠯ ᠡᠮᠨᠡᠯᠭᠡ ᠶᠢᠨ ᠬᠤᠷᠢᠶᠠᠨ ᠳᠤ ᠮᠣᠩᠭᠤᠯ ᠡᠮᠴᠢ ᠲᠤᠳᠠᠭᠳᠠᠵᠦ ᠪᠠᠶᠢᠬᠤ ᠠᠴᠠ ᠪᠤᠯᠵᠦ᠂ ᠮᠣᠩᠭᠤᠯ ᠡᠮ ᠡᠮᠨᠡᠯᠭᠡ ᠶᠢᠨ ᠲᠠᠯ᠎ᠠ ᠶᠢᠨ ᠠᠷᠪᠢᠨ ᠠᠵᠢᠯ ᠢ ᠭᠦᠢᠴᠡᠳ ᠰᠠᠶᠢᠬᠠᠨ ᠬᠢᠵᠦ ᠳᠡᠶᠢᠯᠬᠦ ᠦᠭᠡᠢ ᠪᠠᠶᠢᠵᠤ᠂ ᠮᠤᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠳᠡ ᠤᠳᠠᠭᠠᠨ ᠪᠠᠶᠢᠬᠤ ᠠᠰᠠᠭᠤᠳᠠᠯ ᠨᠡᠯᠢᠶᠡᠳ ᠬᠦᠡᠳᠤ ᠤᠷᠤᠰᠢᠵᠦ ᠪᠠᠶᠢᠨ᠎ᠠ᠃ ︽ᠬᠤᠳᠠᠯᠳᠤᠭᠠᠴᠢᠨ ᠤᠷᠢᠵᠦ ᠪᠡᠯᠡ ᠮᠦᠩᠬᠦ ᠲᠡᠳᠡᠨ ᠤᠷᠤᠭᠤᠯᠬᠤ ᠵᠢᠯ︾ ᠳᠤ ᠲᠤᠬᠢᠶᠡᠯᠳᠤᠭᠤᠯᠤᠨ᠂ ᠬᠤᠳᠠ ᠪᠡ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠣᠷᠳᠣᠨ ᠠᠴᠠ ᠲᠤᠰᠠᠬᠠᠶᠢᠯᠠᠨ ᠪᠡᠯᠡ ᠮᠦᠩᠬᠦ ᠭᠠᠷᠭᠠᠵᠦ᠂ ᠮᠤᠩᠭᠤᠯ ᠡᠮ ᠡᠮᠨᠡᠯᠭᠡ ᠶᠢᠨ ᠲᠤᠰᠬᠠᠢ ᠡᠷᠳᠡᠮᠳᠡᠨ ᠮᠡᠷᠭᠡᠵᠢᠯᠳᠡᠨ ᠤᠷᠢᠬᠤ ᠪᠤᠶᠤ ᠮᠤᠩᠭᠤᠯ ᠡᠮ ᠡᠮᠨᠡᠯᠭᠡ ᠶᠢ ᠬᠦᠭᠵᠢᠬᠦᠯᠬᠦ ᠳᠤ ᠪᠡᠯᠡ ᠮᠤᠩᠬᠦ ᠬᠠᠩᠭᠠᠬᠤ ᠠᠵᠤ ᠠᠬᠤᠶᠢᠯᠠᠯ ᠢ ᠲᠡᠳᠡᠨ ᠤᠷᠤᠭᠤᠯᠵᠦ᠂ ᠮᠠᠨ ᠤ ᠬᠤᠲᠠ ᠶᠢᠨ ᠮᠤᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠵᠦ᠂ ᠠᠷᠠᠳ ᠤᠯᠠᠨ ᠲᠦᠮᠡᠨ ᠳᠤ ᠨᠡᠩ ᠰᠠᠶᠢᠨ ᠦᠢᠯᠡᠴᠢᠯᠡᠭᠡ ᠬᠠᠩᠭᠠᠬᠤ ᠶᠢ ᠬᠦᠰᠡᠵᠦ ᠪᠠᠶᠢᠨ᠎ᠠ ᠬᠡᠪᠡ᠃ ᠰᠤᠷᠪᠤᠯᠵᠢᠯᠠᠭ᠎ᠠ ᠶᠢᠨ ᠲᠤᠮᠳᠠ ᠲᠠᠪᠰᠢᠯᠳᠤ ᠪᠠᠰᠠ ᠮᠤᠩᠭᠤᠯ ᠡᠮ ᠡᠮᠨᠡᠯᠭᠡ ᠶᠢᠨ ᠦᠢᠯᠡᠰ ᠢ ᠰᠠᠶᠢᠲᠤᠷ ᠬᠦᠭᠵᠢᠬᠦᠯᠬᠦ ᠰᠠᠨᠠᠯ ᠰᠠᠨᠠᠭᠤᠯᠭ᠎ᠠ ᠶᠢ ᠢᠳᠡᠪᠬᠢᠳᠡᠢ ᠲᠤᠷᠡᠳᠴᠤ ᠂ ᠮᠤᠩᠭᠤᠯ ᠡᠮ ᠡᠮᠨᠡᠯᠭᠡ ᠶᠢᠨ ᠦᠢᠯᠡᠰ ᠢ ᠬᠦᠭᠵᠢᠬᠦᠯᠵᠦ᠂ ᠥᠷᠭᠡᠨ ᠣᠯᠠᠨ ᠮᠠᠯᠴᠢᠨ ᠲᠦᠮᠡᠨ ᠳᠤ ᠤᠯᠠᠮ ᠰᠠᠶᠢᠳᠤᠷ ᠦᠢᠯᠡᠴᠢᠯᠡᠬᠦ ᠳᠤ ᠬᠦᠴᠦ ᠪᠠᠨ ᠡᠷᠬᠦᠨ᠎ᠠ ᠬᠡᠵᠦ ᠵᠤᠷᠢᠭ ᠢᠶᠠᠨ ᠢᠯᠡᠳᠭᠡᠪᠡ᠃    
ᠢᠷᠡᠯᠲᠡ᠄ ᠲᠣᠲᠣᠷᠬᠠᠢ ᠦᠭᠡᠢ