ᠦᠨᠳᠥᠰᠦᠲᠡᠨ ᠤ ᠰᠣᠶᠣᠯ ᠢᠶᠠᠷ ᠣᠷᠣᠨ ᠨᠤᠲᠤᠭ ᠢᠶᠠᠨ ᠴᠡᠴᠡᠭᠯᠡᠬᠦᠯᠦᠨᠡᠮ
ᠨᠡᠶᠢᠲᠡᠯᠡᠭᠰᠡᠨ ᠴᠠᠭ᠄
2022/9/29
        ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠨᠠᠮ ᠤᠨ ᠦᠡᠳᠤᠰᠤᠳᠠᠨ ᠤ ᠲᠦᠷᠦ ᠶᠢᠨ ᠪᠤᠳᠤᠯᠭ᠎ᠠ ᠶᠢ ᠪᠦᠬᠦ ᠲᠡᠯ᠎ᠡ ᠪᠠᠷ ᠲᠤᠤᠱᠯᠠᠭᠤᠯᠵᠦ᠂ ᠦᠡᠳᠤᠰᠤᠳᠠᠨ ᠤ ᠤᠷᠤᠨ ᠤ ᠦᠪᠡᠷᠳᠡᠭᠡᠨ ᠵᠠᠰᠠᠬᠤ ᠲᠦᠷᠢᠮ ᠢ ᠡᠷᠡᠰ ᠪᠠᠷᠢᠮᠳᠠᠯᠠᠵᠦ᠂ ᠬᠢᠯᠢ ᠬᠢᠵᠠᠭᠠᠷ ᠤᠷᠤᠨ ᠢ ᠴᠡᠴᠡᠭᠯᠡᠬᠦᠯᠤᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠲᠦᠯᠬᠢᠨ ᠠᠬᠢᠭᠤᠯᠵᠦ᠂ ᠦᠡᠳᠤᠰᠤᠳᠠᠨ ᠤ ᠰᠤᠷᠭᠠᠨ ᠬᠦᠮᠦᠵᠢᠯ᠂ ᠦᠡᠳᠤᠰᠤᠳᠠᠨ ᠤ ᠰᠤᠶᠤᠯ᠂ ᠦᠡᠳᠤᠰᠤᠳᠠᠨ ᠤ ᠲᠡᠮᠢᠷ ᠤᠨ ᠤᠶᠢᠢᠯᠠᠰ ᠢ ᠶᠡᠬᠡᠪᠡᠷ ᠬᠦᠭᠵᠢᠬᠦᠯᠬᠦ ᠪᠠᠷ ᠲᠠᠮᠵᠢᠨ᠂ ᠦᠡᠳᠤᠰᠤᠳᠠᠨ ᠤ ᠪᠦᠯᠬᠦᠮᠳᠡᠯ ᠲᠠᠪᠰᠢᠯᠳᠠ ᠶᠢ ᠠᠬᠢᠭᠤᠯᠵᠦ᠂ ᠪᠦᠬᠦ ᠤᠯᠤᠰ ᠤᠨ ᠦᠡᠳᠤᠰᠤᠳᠠᠨ ᠤ ᠪᠦᠯᠬᠦᠮᠳᠡᠯ ᠲᠠᠪᠰᠢᠯᠳᠠ ᠶᠢᠨ ᠲᠠᠭᠤᠷᠢᠶᠠᠯ ᠬᠤᠳᠠ ᠶᠢ ᠲᠡᠮᠡᠴᠡᠨ ᠤᠯᠬᠤ ᠪᠠᠷ ᠴᠢᠷᠮᠠᠶᠢᠬᠤ ᠬᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃         ᠤᠷᠠᠳ ᠤᠨ ᠬᠤᠶᠢᠲᠤ ᠬᠤᠰᠢᠭᠤᠨ ᠤ ᠲᠥᠯᠥᠭᠡᠯᠡᠭᠴᠢ ᠪᠣᠳᠢ ᠰᠤᠷᠪᠤᠯᠵᠢᠯᠠᠭ᠎ᠠ ᠬᠦᠯᠢᠶᠡᠬᠦ ᠳᠡᠭᠡᠨ᠂ ︽ᠣᠶᠢᠷ᠎ᠠ ᠶᠢᠨ ᠵᠢᠯ ᠤᠳ ᠲᠤ ᠮᠠᠯᠵᠢᠬᠤ ᠶᠢ ᠵᠣᠭᠰᠣᠭᠠᠵᠤ᠂ ᠡᠪᠡᠰᠦ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠪᠠᠷ ᠮᠠᠯᠵᠢᠬᠤ ᠪᠠᠨ ᠵᠣᠭᠰᠣᠭᠠᠭᠰᠠᠨ ᠣᠯᠠᠩᠬᠢ ᠮᠠᠯᠴᠢᠳ ᠪᠠᠶᠠᠵᠢᠨ ᠴᠢᠨᠡᠭᠡᠯᠢᠭᠵᠢᠬᠦ ᠰᠢᠨ᠎ᠡ ᠵᠠᠮ ᠢ ᠡᠷᠢᠨ ᠰᠦᠪᠡᠭᠴᠢᠯᠡᠵᠦ ᠪᠠᠶᠢᠨ᠎ᠠ᠃ ᠡᠬᠦᠨ ᠳᠤ ᠮᠠᠨ ᠤ ᠤᠷᠠᠳ ᠤᠨ ᠬᠤᠶᠢᠲᠤ ᠬᠤᠰᠢᠭᠤᠨ ᠤ 2000 ᠭᠠᠷᠤᠢ ᠮᠠᠯᠴᠢᠳ ᠬᠠᠴᠢᠨ ᠴᠢᠯᠠᠭᠤ᠂ ᠦᠨᠳᠥᠰᠦᠲᠡᠨ ᠤ ᠭᠠᠷ ᠤᠷᠠᠯᠠᠯ᠂ ᠬᠠᠰ ᠴᠢᠯᠠᠭᠤ ᠵᠡᠷᠭᠡ ᠠᠷᠪᠢᠨ ᠦᠢᠯᠡᠰ ᠢ ᠰᠡᠳᠤᠨ ᠡᠷᠬᠢᠯᠡᠵᠦ᠂ ᠦᠡᠳᠤᠰᠤᠳᠠᠨ ᠤ ᠰᠤᠶᠤᠯ ᠤᠨ ᠤᠠᠴᠠᠯᠢᠭ ᠪᠦᠬᠦᠢ ᠤᠷᠤᠨ ᠨᠤᠳᠤᠭ ᠤᠨ ᠰᠤᠶᠤᠯ ᠢᠶᠠᠨ ᠬᠦᠭᠵᠢᠬᠦᠯᠵᠦ ᠪᠤᠢ᠃ ᠡᠨᠡ ᠨᠢ ᠮᠦᠡᠴᠤ ᠦᠨᠳᠥᠰᠦᠲᠡᠨ ᠤ ᠰᠣᠶᠣᠯ ᠤᠨ ᠬᠦᠭᠵᠢᠯᠳᠡ ᠶᠢ ᠲᠦᠯᠬᠢᠨ ᠠᠬᠢᠭᠤᠯᠵᠦ ᠪᠠᠶᠢᠭ᠎ᠠ ᠶᠠᠪᠤᠳᠠᠯ ᠪᠤᠯᠤᠨ᠎ᠠ᠃ ᠪᠢ ᠡᠨᠡ ᠤᠳᠠᠭ᠎ᠠ ᠶᠢᠨ ᠬᠤᠷᠠᠯ ᠳᠡᠭᠡᠷ᠎ᠡ᠂ ᠵᠠᠰᠠᠭ ᠤᠨ ᠣᠷᠳᠣᠨ ᠠᠴᠠ ᠢᠯᠡᠬᠦᠬᠡᠨ ᠪᠡᠯᠡ ᠮᠥᠩᠭᠦ ᠵᠠᠷᠤᠴᠠᠭᠤᠯᠵᠤ᠂ ᠦᠨᠳᠥᠰᠦᠲᠡᠨ ᠤ ᠭᠠᠷ ᠤᠷᠠᠯᠢᠬᠴᠢᠨ᠂ ᠦᠨᠳᠥᠰᠦᠲᠡᠨ ᠤ ᠰᠤᠶᠤᠯ ᠤᠨ ᠡᠷᠳᠡᠮᠲᠡᠨ ᠢ ᠨᠡᠩ ᠠᠷᠪᠢᠨ ᠬᠦᠮᠦᠵᠢᠬᠦᠯᠤᠨ ᠭᠠᠷᠭᠠᠵᠦ᠂ ᠦᠡᠳᠤᠰᠤᠳᠠᠨ ᠤ ᠰᠤᠶᠤᠯ ᠢᠶᠠᠷ ᠣᠷᠣᠨ ᠨᠤᠲᠤᠭ ᠤᠨ ᠰᠣᠶᠣᠯ ᠢᠶᠠᠨ ᠬᠥᠭᠵᠢᠭᠦᠯᠵᠦ᠂ ᠨᠡᠩ ᠠᠷᠪᠢᠨ ᠮᠠᠯᠴᠢᠨ ᠲᠠᠷᠢᠶᠠᠴᠢᠨ ᠢ ᠪᠠᠶᠠᠵᠢᠯ ᠤᠨ ᠰᠢᠨ᠎ᠡ ᠵᠠᠮ ᠳᠤ ᠬᠦᠳᠦᠯᠬᠦ ᠶᠢ ᠰᠠᠨᠠᠭᠤᠯᠤᠭᠰᠠᠨ ᠪᠠᠶᠢᠨ᠎ᠠ︾ ᠭᠡᠵᠤ ᠬᠡᠯᠡᠪᠡ᠃ ᠪᠣᠳᠢ ᠪᠠᠰᠠ ︽ᠬᠤᠶᠢᠰᠢᠳᠠ ᠪᠢ ᠠᠵᠢᠯ ᠤᠨ ᠳᠤᠮᠳᠠ ᠨᠡᠩ ᠤᠯᠠᠨ ᠮᠠᠯᠴᠢᠨ ᠲᠦᠮᠡᠨ ᠢ ᠳᠠᠭᠠᠭᠤᠯᠵᠤ᠂ ᠭᠠᠷ ᠤᠷᠠᠯᠠᠯ ᠵᠡᠷᠭᠡ ᠲᠠᠯ᠎ᠠ ᠪᠠᠷ ᠰᠢᠨ᠎ᠡ ᠵᠠᠮ ᠬᠠᠶᠢᠵᠤ᠂ ᠦᠨᠳᠥᠰᠦᠲᠡᠨ ᠤ ᠪᠠᠨ ᠰᠤᠶᠤᠯ ᠤᠨ ᠬᠦᠭᠵᠢᠯᠳᠡ ᠳᠤ ᠨᠡᠩ ᠶᠡᠭᠡ ᠬᠦᠴᠦ ᠪᠠᠨ ᠡᠷᠭᠦᠨ᠎ᠠ︾ ᠭᠡᠵᠦ ᠢᠯᠡᠷᠬᠡᠶᠢᠯᠡᠪᠡ᠃
ᠢᠷᠡᠯᠲᠡ᠄ ᠲᠣᠲᠣᠷᠬᠠᠢ ᠦᠭᠡᠢ