ᠵᠤᠭᠠᠴᠠᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2022/9/29
       ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠠᠴᠠ ᠵᠤᠭᠠᠴᠠᠯ ᠤᠨ ᠦᠢᠯᠡᠰ ᠢ ᠬᠥᠭᠵᠢᠭᠦᠯᠵᠦ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠳᠣᠣᠷᠠᠬᠢ ᠴᠢᠬᠤᠯᠠ ᠨᠡᠮᠡᠭᠳᠡᠯ ᠴᠡᠭ ᠪᠣᠯᠭᠠᠨ᠎ᠠ ᠭᠡᠵᠦ ᠳᠤᠷᠠᠳᠴᠠᠢ᠃ ᠬᠤᠶᠢᠰᠢᠳᠠ ᠶᠢᠨ ᠬᠡᠰᠡᠭ ᠬᠤᠭᠤᠴᠠᠭ᠎ᠠ ᠪᠣᠯ ᠮᠠᠨ ᠤ ᠬᠤᠲᠠ ᠪᠦᠬᠦ ᠬᠡᠪᠴᠢᠶᠡᠨ ᠤ ᠵᠤᠭᠠᠴᠠᠯ᠂ ᠳᠥᠷᠪᠡᠨ ᠤᠯᠠᠷᠢᠯ ᠤᠨ ᠵᠤᠭᠠᠴᠠᠯ ᠢ ᠬᠦᠴᠦᠯᠡᠨ ᠠᠬᠢᠭᠤᠯᠵᠤ᠂ ᠵᠤᠭᠠᠴᠠᠯ ᠤᠨ ᠠᠵᠤ ᠦᠢᠯᠡᠰ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢ ᠠᠵᠤ ᠦᠢᠯᠡᠰ ᠪᠠ ᠣᠯᠠᠨ ᠲᠦᠮᠡᠨ ᠤ ᠬᠠᠨᠤᠮᠵᠢᠲᠠᠢ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠭᠠᠨ ᠬᠥᠭᠵᠢᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃       ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠲᠠᠭᠤᠯᠠ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠲᠤᠬᠠᠢ ᠶᠠᠷᠢᠬᠤ ᠳᠠᠭᠠᠨ᠂ ᠣᠳᠣᠬᠠᠨ ᠳᠤ ᠳ᠋ᠧᠩᠺᠧᠦ ᠰᠢᠶᠠᠨ ᠲᠠᠢ ᠠᠳᠠᠯᠢ ᠪᠠᠷ ᠪᠦᠬᠦ ᠬᠤᠲᠠ ᠶᠢᠨ ᠵᠤᠭᠠᠴᠠᠯ ᠤᠨ ᠦᠢᠯᠡᠰ ᠲᠤ ᠨᠡᠯᠢᠶᠡᠳ ᠪᠠᠭᠤᠷᠠᠢ ᠲᠠᠯ᠎ᠠ ᠣᠷᠣᠰᠢᠵᠤ ᠪᠠᠶᠢᠨ᠎ᠠ᠃ ᠵᠢᠱᠢᠶᠡᠯᠡᠭᠡᠳ ᠬᠡᠯᠡᠬᠦ ᠳᠤ᠂ ᠬᠠᠮᠤᠭ ᠲᠡᠷᠢᠭᠦᠨ ᠳᠤ᠂ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠦᠷᠦᠯᠴᠡᠬᠦ ᠦᠭᠡᠢ᠂ ᠵᠤᠭᠠᠴᠠᠯ ᠤᠨ ᠴᠡᠭ ᠤᠳ ᠢ ᠬᠤᠭᠤᠷᠣᠨᠳᠣ ᠨᠢ ᠬᠤᠯᠪᠣᠬᠤ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠬᠦᠷᠦᠯᠴᠡᠬᠦ ᠦᠭᠡᠢ᠂ ᠪᠦᠬᠦᠯᠢ ᠴᠣᠭᠴᠠ ᠶᠢᠨ ᠦᠢᠯᠡᠴᠢᠯᠡᠭᠡᠨ ᠤ ᠴᠢᠳᠠᠪᠬᠢ ᠬᠦᠷᠦᠯᠴᠡᠬᠦ ᠦᠭᠡᠢ᠃ ᠳᠠᠷᠠᠭᠠᠯᠠᠪᠠᠯ ᠪᠡᠯᠡ ᠮᠥᠩᠭᠦ ᠳᠤᠲᠠᠭᠳᠠᠵᠤ ᠵᠤᠭᠠᠴᠠᠯ ᠤᠨ ᠦᠢᠯᠡᠰ ᠢ ᠢᠳᠡᠷᠡᠭᠦᠨ ᠢᠶᠠᠷ ᠬᠥᠭᠵᠢᠭᠦᠯᠬᠦ ᠳᠤ ᠲᠦᠯᠬᠢᠬᠦ ᠬᠦᠴᠦᠨ ᠪᠠᠭᠤᠷᠠᠢ ᠪᠤᠢ᠃ ᠳᠠᠬᠢᠪᠠᠯ ᠵᠤᠭᠠᠴᠠᠯ ᠤᠨ ᠴᠡᠭ ᠲᠠᠷᠠᠬᠠᠢ ᠪᠤᠲᠠᠷᠬᠠᠢ᠂ ᠳᠠᠩ ᠴᠤᠯᠭᠤᠢ᠂ ︽ᠲᠣᠮᠣ ᠵᠤᠭᠠᠴᠠᠯ ᠤᠨ ᠴᠡᠭ︾ ᠤᠨ ᠲᠤᠯᠭᠠᠭᠤᠷᠢᠯᠠᠬᠤ ᠬᠦᠴᠦᠨ ᠬᠦᠷᠦᠯᠴᠡᠬᠦ ᠦᠭᠡᠢ᠃ ᠡᠳᠡᠭᠡᠷ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠳᠤ ᠮᠢᠨᠤ ᠦᠵᠡᠬᠦ ᠪᠠᠷ᠂ ᠡᠩ ᠲᠡᠷᠢᠭᠦᠨ ᠳᠤ᠂ ᠵᠤᠭᠠᠴᠠᠯ ᠤᠨ ᠤᠬᠠᠭᠤᠯᠭ᠎ᠠ ᠶᠢ ᠴᠢᠩᠭᠠᠳᠬᠠᠵᠤ᠂ ᠲᠣᠮᠣ ᠵᠠᠭᠤᠴᠢᠯᠠᠭᠤᠷ ᠢ ᠠᠰᠢᠭᠯᠠᠨ ᠵᠤᠭᠠᠴᠠᠯ ᠤᠨ ᠨᠡᠷ᠎ᠡ ᠲᠡᠮᠳᠡᠭ ᠢ ᠴᠢᠷᠮᠠᠶᠢᠨ ᠪᠣᠢ ᠪᠣᠯᠭᠠᠨ᠎ᠠ᠃ ᠳᠠᠷᠠᠭ᠎ᠠ ᠳᠤᠨᠢ᠂ ︽ᠢᠳᠡᠬᠦ᠂ ᠬᠤᠨᠣᠬᠤ᠂ ᠶᠠᠪᠤᠬᠤ᠂ ᠵᠤᠭᠠᠴᠠᠬᠤ᠂ ᠴᠡᠩᠭᠡᠬᠦ᠂ ᠪᠤᠷᠤᠯᠠᠭᠤᠯᠬᠤ︾ ᠵᠡᠷᠭᠡ ᠵᠤᠭᠠᠴᠠᠯ ᠤᠨ ᠵᠢᠷᠭᠤᠭᠠᠨ ᠴᠢᠬᠤᠯᠠ ᠡᠯᠧᠮᠧᠨ᠋ᠲ ᠤᠨ ᠲᠠᠯ᠎ᠠ ᠳᠤ ᠬᠦᠴᠦ ᠪᠠᠨ ᠲᠠᠯᠪᠢᠵᠤ᠂ ᠣᠯᠠᠨ ᠤ ᠤᠬᠠᠭᠠᠨ ᠬᠠᠮᠲᠤ ᠶᠢᠨ ᠬᠦᠴᠦᠨ ᠢ ᠳᠠᠶᠢᠴᠢᠯᠠᠨ ᠪᠦᠬᠦ ᠠᠷᠠᠳ ᠢᠶᠠᠷ ᠢᠶᠠᠨ ᠴᠢᠷᠮᠠᠶᠢᠨ ᠬᠦᠴᠦᠯᠡᠨ᠎ᠡ᠃ ᠬᠠᠮᠤᠭ ᠰᠡᠭᠦᠯ ᠳᠤ᠂ ᠣᠷᠣᠨ ᠨᠤᠲᠤᠭ ᠤᠨ ᠬᠡᠪᠴᠢᠶᠡᠨ ᠳᠠᠬᠢ ᠡᠯ᠎ᠡ ᠲᠥᠷᠥᠯ ᠤᠨ ᠡᠬᠢ ᠪᠠᠶᠠᠯᠢᠭ ᠢ ᠪᠦᠲᠦᠮᠵᠢᠲᠡᠢ ᠨᠡᠶᠢᠳᠬᠡᠵᠦ᠂ ᠵᠤᠭᠠᠴᠠᠯ ᠤᠨ ᠦᠢᠯᠡᠰ ᠪᠠ ᠪᠤᠰᠤᠳ ᠠᠵᠢᠯ ᠲᠥᠷᠥᠯ᠂ ᠠᠵᠤ ᠦᠢᠯᠡᠰ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠳᠡ ᠪᠣᠷᠣᠯᠠᠭᠤᠯᠤᠯᠲᠠ ᠶᠢ ᠠᠳᠬᠤᠵᠤ᠂ ᠵᠤᠭᠠᠴᠠᠯ ᠤᠨ ᠪᠦᠬᠦᠯᠢ ᠴᠣᠭᠴᠠ ᠶᠢ ᠪᠠᠶᠢᠭᠤᠯᠤᠨ ᠣᠷᠣᠨ ᠨᠤᠲᠤᠭ ᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠪᠠᠯ ᠵᠤᠬᠢᠨ᠎ᠠ ᠬᠡᠵᠡᠢ᠃
ᠢᠷᠡᠯᠲᠡ᠄ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ