ᠮᠠᠯᠵᠢᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠴᠢᠷᠮᠠᠶᠢᠨ ᠰᠠᠶᠢᠵᠢᠷᠠᠭᠤᠯᠤᠶ᠎ᠠ
ᠨᠡᠶᠢᠲᠡᠯᠡᠭᠰᠡᠨ ᠴᠠᠭ᠄
2022/9/29
        ᠬᠤᠲᠠ ᠶᠢᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ 2018 ᠤᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠳᠠᠭᠠᠨ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠬᠠᠮᠢᠶᠠᠷᠤᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯᠵᠢᠬᠤ ᠳᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠲᠠ ᠶᠢᠨ ᠦᠷ᠎ᠡ ᠪᠦᠳᠦᠭᠡᠯ ᠢ ᠪᠠᠳᠤᠳᠬᠠᠨ ᠳᠡᠭᠡᠭᠰᠢᠯᠡᠭᠦᠯᠵᠦ᠂ ︽ᠲᠦᠷᠪᠡᠨ ᠰᠠᠶᠢᠨ︾ ᠮᠠᠯᠵᠢᠬᠤ ᠳᠠᠷᠢᠶᠠᠯᠠᠬᠤ ᠤᠷᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢ ᠪᠦᠬᠦ ᠳᠠᠯ᠎ᠠ ᠪᠠᠷ ᠲᠦᠯᠬᠢᠨ ᠠᠬᠢᠭᠤᠯᠵᠤ᠂ 500 ᠺᠢᠯᠤᠮᠧᠳ᠋ᠷ ᠤᠨ ᠵᠠᠰᠠᠮᠠᠯ ᠵᠠᠮ ᠢ ᠰᠢᠨ᠎ᠡ ᠪᠠᠷ ᠵᠠᠰᠠᠵᠤ᠂ ᠪᠤᠶᠢᠳᠠ ᠪᠦᠭᠯᠡᠭᠦᠦ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠳᠤᠤᠷ ᠢ ᠳᠡᠰ ᠳᠡᠪᠰᠢᠭᠦᠯᠬᠦ ᠦᠭᠡᠷᠡᠴᠢᠯᠡᠯᠳᠡ ᠶᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠪᠠ᠃        ᠡᠭᠦᠨ ᠤ ᠳᠤᠬᠠᠢ ᠲᠦᠯᠦᠭᠡᠯᠡᠭᠴᠢ ᠤᠳᠬᠤᠨᠬᠤᠸᠠᠷ ᠬᠡᠯᠡᠬᠦ ᠳᠡᠭᠡᠨ᠂ ᠣᠶᠢᠷ᠎ᠠ ᠶᠢᠨ ᠵᠢᠯ ᠠᠴᠠ ᠨᠠᠰᠢ᠂ ᠡᠯ᠎ᠡ ᠱᠠᠳᠤᠨ ᠤ ᠵᠠᠰᠠᠭ ᠤᠨ ᠤᠷᠳᠤᠨ ᠮᠠᠯᠵᠢᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠬᠤᠯᠠᠴᠢᠯᠠᠨ ᠠᠳᠬᠤᠵᠤ᠂ ᠮᠠᠯᠵᠢᠬᠤ ᠤᠷᠤᠨ ᠤ ᠵᠠᠮ ᠬᠠᠷᠢᠯᠴᠠᠭ᠎ᠠ᠂ ᠴᠠᠬᠢᠯᠭᠠᠨ ᠤ ᠬᠠᠩᠭᠠᠯᠭ᠎ᠠ᠂ ᠴᠢᠮᠡᠭᠡ ᠬᠤᠯᠪᠤᠭ᠎ᠠ ᠵᠡᠷᠭᠡ ᠨᠦᠬᠦᠴᠡᠯ ᠢ ᠢᠯᠡᠳᠳᠡ ᠰᠠᠶᠢᠵᠢᠷᠠᠭᠤᠯᠤᠭᠰᠠᠨ ᠪᠠᠶᠢᠨ᠎ᠠ᠃ ᠭᠡᠪᠡᠴᠤ ᠵᠠᠷᠢᠮ ᠪᠤᠶᠢᠳᠠ ᠪᠦᠭᠯᠡᠭᠦᠦ ᠬᠢᠯᠢ ᠳᠠᠭᠠᠤ ᠶᠢᠨ ᠮᠠᠯᠵᠢᠬᠤ ᠤᠷᠤᠨ ᠳᠤ ᠮᠦᠨ ᠯᠠ ᠵᠠᠮ ᠬᠠᠷᠢᠯᠴᠠᠭ᠎ᠠ ᠲᠦᠬᠦᠮ ᠦᠭᠡᠢ᠂ ᠴᠠᠬᠢᠯᠭᠠᠨ ᠦᠭᠡᠢ᠂ ᠴᠢᠮᠡᠭᠡ ᠬᠤᠯᠪᠤᠭᠠᠨ ᠤ ᠳᠤᠬᠢᠶ᠎ᠠ ᠠᠨᠠᠢ ᠵᠡᠷᠭᠡ ᠠᠰᠠᠭᠤᠳᠠᠯ ᠤᠷᠤᠰᠢᠵᠤ ᠂ ᠡᠨᠡ ᠨᠢ ᠬᠢᠯᠢ ᠳᠠᠭᠠᠤ ᠮᠠᠯᠵᠢᠬᠤ ᠤᠷᠤᠨ ᠤ ᠬᠦᠭᠵᠢᠯᠳᠡ ᠶᠢ ᠬᠠᠷᠰᠢᠯᠠᠵᠤ ᠪᠠᠶᠢᠬᠤ ᠭᠤᠤᠯ ᠠᠰᠠᠭᠤᠳᠠᠯ ᠪᠤᠯᠤᠭᠠᠳ ᠪᠠᠶᠢᠨ᠎ᠠ᠃ ᠪᠠᠶᠠᠷᠯᠠᠭᠤᠰᠢᠳᠠᠢ ᠨᠢ᠂ ᠬᠤᠳᠠ ᠶᠢᠨ ᠵᠠᠰᠠᠭ ᠤᠨ ᠤᠷᠳᠤᠨ ᠠᠴᠠ ᠮᠠᠯᠵᠢᠬᠤ ᠳᠠᠷᠢᠶᠠᠯᠠᠬᠤ ᠤᠷᠤᠨ ᠤ ᠪᠦᠳᠦᠭᠡᠨ ᠪᠠᠶᠢᠢᠭᠤᠯᠤᠯᠳᠠ ᠶᠢ 2018 ᠤᠨ ᠤ ᠠᠵᠢᠯ ᠤᠨ ᠭᠤᠤᠯᠳᠠᠯᠭ᠎ᠠ ᠪᠤᠯᠭᠠᠨ ᠪᠠᠶᠢᠷᠢᠯᠠᠭᠤᠯᠤᠭᠰᠠᠨ ᠪᠠᠶᠢᠨ᠎ᠠ᠃ ᠡᠨᠡ ᠨᠢ ᠮᠠᠯᠵᠢᠬᠤ ᠤᠷᠤᠨ ᠤ ᠮᠠᠯᠴᠢᠳ ᠲᠤ ᠠᠪᠴᠤ ᠬᠡᠯᠡᠪᠡᠯ ᠶᠤᠰᠤᠳᠠᠢ ᠰᠠᠶᠢᠨ ᠴᠢᠮᠡᠭᠡ ᠪᠤᠯᠤᠨ᠎ᠠ ᠭᠡᠵᠡᠢ᠃        ᠤᠳᠬᠤᠨᠬᠤᠸᠠᠷ ᠬᠡᠯᠡᠬᠦ ᠳᠡᠭᠡᠨ᠂ ᠬᠤᠳᠠ ᠶᠢᠨ ᠵᠠᠰᠠᠭ ᠤᠨ ᠤᠷᠳᠤᠨ ᠮᠠᠯᠵᠢᠬᠤ ᠳᠠᠷᠢᠶᠠᠯᠠᠬᠤ ᠤᠷᠤᠨ ᠤ ᠪᠦᠳᠦᠭᠡᠨ ᠪᠠᠶᠢᠢᠭᠤᠯᠤᠯᠳᠠ ᠶᠢ ᠲᠦᠯᠬᠢᠨ ᠠᠬᠢᠭᠤᠯᠬᠤ ᠠᠵᠢᠯ ᠤᠨ ᠳᠤᠮᠳᠠ ᠬᠢᠯᠢ ᠳᠠᠭᠠᠤ ᠶᠢᠨ ᠮᠠᠯᠵᠢᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠢᠯᠡᠭᠦᠦ ᠳᠡᠮᠵᠢᠨ ᠬᠠᠷᠠᠭᠠᠯᠵᠠᠵᠤ᠂ ᠦᠨᠳᠦᠷ ᠬᠦᠴᠦᠳᠡᠯᠳᠦ ᠴᠠᠬᠢᠯᠭᠠᠨ ᠵᠠᠯᠭᠠᠬᠤ ᠪᠤᠯᠤᠮᠵᠢ ᠲᠠᠢ ᠭᠠᠵᠠᠷ ᠲᠤ ᠦᠨᠳᠦᠷ ᠬᠦᠴᠦᠳᠡᠯᠳᠦ ᠴᠠᠬᠢᠯᠭᠠᠨ ᠵᠠᠯᠭᠠᠨ ᠦᠭᠴᠦ᠂ ᠪᠤᠯᠤᠮᠵᠢ ᠦᠭᠡᠢ ᠭᠠᠵᠠᠷ ᠲᠤ ᠰᠠᠯᠬᠢ ᠭᠡᠷᠡᠯ ᠢ ᠬᠠᠷᠢᠯᠴᠠᠨ ᠨᠦᠬᠦᠪᠤᠷᠢᠯᠡᠬᠦ ᠢᠨᠵᠧᠨᠧᠷᠢᠩ ᠢ ᠬᠦᠴᠦᠳᠠᠢ ᠬᠡᠷᠡᠭᠵᠢᠭᠦᠯᠵᠦ᠂ ᠴᠢᠮᠡᠭᠡ ᠬᠤᠯᠪᠤᠭᠠᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠴᠢᠳ ᠤᠨ ᠭᠠᠳᠠᠨᠠᠬᠢ ᠲᠠᠢ ᠬᠠᠷᠢᠯᠴᠠᠬᠤ ᠳᠤ ᠬᠦᠴᠢᠷᠳᠡᠢ ᠠᠰᠠᠭᠤᠳᠠᠯ ᠢ ᠲᠦᠢᠯᠪᠤᠷᠢᠲᠠᠢ ᠰᠢᠢᠳᠪᠤᠷᠢᠯᠡᠵᠤ᠂ ᠭᠠᠴᠠᠭ᠎ᠠ ᠳᠤ ᠨᠡᠪᠳᠡᠷᠡᠬᠦ ᠱᠦᠢᠨᠢ ᠵᠠᠮ ᠴᠠᠷᠳᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠮᠠᠯᠵᠢᠬᠤ ᠤᠷᠤᠨ ᠤ ᠵᠠᠮ ᠬᠠᠷᠢᠯᠴᠠᠭᠠᠨ ᠤ ᠨᠦᠬᠦᠴᠡᠯ ᠢ ᠰᠠᠶᠢᠵᠢᠷᠠᠭᠤᠯᠬᠤ ᠶᠢ ᠬᠦᠰᠡᠵᠦ ᠪᠠᠶᠢᠨ᠎ᠠ ᠭᠡᠵᠡᠢ᠃
ᠢᠷᠡᠯᠲᠡ᠄ ᠪᠠᠶᠠᠨᠨᠠᠭᠤᠷ ᠤᠨ ᠡᠳᠤᠷ  ᠤᠨ ᠰᠤᠨᠢᠨ