| ᠬᠤᠲᠠ ᠶᠢᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ᠂ ᠪᠤᠷᠤᠳᠤᠬᠤᠢ ᠶᠢᠨ ᠪᠦᠬᠦ ᠴᠠᠷᠠᠭᠠᠨ ᠤ ᠪᠤᠬᠢᠷᠳᠤᠯ ᠦᠭᠡᠢ ᠤᠷᠭᠠᠨᠢᠭ ᠦᠨᠳᠦᠷ | ᠳᠡᠰ ᠤᠨ ᠳᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠦᠢᠯᠡᠳᠪᠤᠷᠢᠯᠡᠨ ᠪᠤᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠬᠦ | ᠬᠦᠴᠦ ᠪᠠᠷ ᠪᠦᠳᠦᠭᠡᠨ ᠪᠠᠶᠢᠢᠭᠤᠯᠬᠤ ᠶᠢ 2018 ᠤᠨ ᠤ ᠭᠤᠤᠯᠳᠠᠯᠭ᠎ᠠ ᠲᠠᠢ ᠠᠵᠢᠯ ᠪᠤᠯᠭᠠᠨ ᠪᠠᠶᠢᠷᠢᠯᠠᠭᠤᠯᠪᠠ᠃ | ᠡᠨᠡ ᠳᠤᠬᠠᠢ ᠲᠦᠯᠦᠭᠡᠯᠡᠭᠴᠢ ᠶᠢᠨ ᠼᠦᠨ ᠸᠠᠩ ᠬᠡᠯᠡᠬᠦ ᠳᠡᠭᠡᠨ᠂ ᠪᠤᠷᠤᠳᠤᠬᠤᠢ ᠶᠢᠨ ᠪᠦᠬᠦ ᠴᠠᠷᠠᠭᠠᠨ ᠤ ᠪᠤᠬᠢᠷᠳᠤᠯ ᠦᠭᠡᠢ ᠤᠷᠭᠠᠨᠢᠭ ᠦᠨᠳᠦᠷ | ᠳᠡᠰ ᠤᠨ ᠳᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠦᠢᠯᠡᠳᠪᠤᠷᠢᠯᠡᠨ ᠪᠤᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠳᠦᠭᠡᠨ | ᠪᠠᠶᠢᠭᠤᠯᠬᠤ ᠪᠤᠯ ᠬᠦᠳᠡᠭᠡ ᠳᠤᠰᠬᠤᠨ ᠢ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠬᠤᠳᠠ ᠬᠦᠳᠡᠭᠡ ᠶᠢᠨ ᠬᠦᠭᠵᠢᠯᠳᠡ ᠶᠢ ᠠᠬᠢᠭᠤᠯᠬᠤ | ᠵᠠᠩᠬᠢᠯᠠᠭ᠎ᠠ ᠮᠦᠨ᠂ ᠮᠦᠨᠴᠦ ᠳᠠᠷᠢᠶᠠᠯᠠᠩ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ᠂ | ᠳᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ᠂ ᠮᠠᠯᠴᠢᠨ ᠳᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠪᠤᠯᠤᠨ᠎ᠠ ᠭᠡᠵᠡᠢ᠃ | ᠶᠢᠨ ᠼᠦᠨ ᠸᠠᠩ ᠬᠡᠯᠡᠬᠦ ᠳᠡᠭᠡᠨ᠂ ᠪᠤᠷᠤᠳᠤᠬᠤᠢ ᠶᠢᠨ ᠪᠦᠬᠦ ᠴᠠᠷᠠᠭᠠᠨ ᠤ ᠪᠤᠬᠢᠷᠳᠤᠯ ᠦᠭᠡᠢ ᠤᠷᠭᠠᠨᠢᠭ ᠦᠨᠳᠦᠷ ᠳᠡᠰ ᠤᠨ ᠳᠠᠷᠢᠶᠠᠯᠠᠩ ᠤᠨ | ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠦᠢᠯᠡᠳᠪᠤᠷᠢᠯᠡᠨ ᠪᠤᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ ᠳᠤ ᠶᠠᠭᠤᠨ ᠤ | ᠡᠮᠦᠨ᠎ᠡ ᠪᠤᠷᠤᠳᠤᠬᠤᠢ ᠶᠢᠨ ᠤᠷᠤᠨ ᠨᠤᠳᠤᠭ ᠤᠨ ᠨᠡᠷ᠎ᠡ ᠳᠡᠮᠳᠡᠭ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠳᠠᠢ᠃ ᠪᠤᠷᠤᠳᠤᠬᠤᠢ ᠶᠢᠨ ᠨᠡᠷ᠎ᠡ ᠳᠡᠮᠳᠡᠭ ᠢ | ᠠᠯᠳᠠᠷᠰᠢᠭᠤᠯᠤᠶ᠎ᠠ ᠭᠡᠪᠡᠯ ᠪᠤᠷᠤᠳᠤᠬᠤᠢ ᠶᠢᠨ ᠳᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠪᠠᠷᠢᠮᠵᠢᠶᠠᠨ ᠤ ᠳᠤᠭᠳᠠᠯᠴᠠᠭ᠎ᠠ ᠶᠢ | ᠪᠠᠶᠢᠭᠤᠯᠵᠤ᠂ ᠠᠵᠤ ᠠᠬᠤᠶᠢᠯᠠᠯ᠂ ᠳᠤᠰᠬᠠᠢ ᠬᠤᠷᠰᠢᠶ᠎ᠠ ᠶᠢ ᠵᠢᠯᠤᠭᠤᠳᠤᠨ ᠪᠠᠷᠢᠮᠵᠢᠶᠠᠵᠢᠭ᠍ᠰᠡᠨ ᠦᠢᠯᠡᠳᠪᠦᠷᠢᠯᠡᠯ ᠢ ᠬᠡᠷᠡᠭᠵᠢᠭᠦᠯᠵᠦ᠂ ᠪᠠᠷᠢᠮᠵᠢᠶ᠎ᠡ ᠳᠤ ᠨᠡᠶᠢᠴᠡᠭᠰᠡᠨ | ᠪᠦᠳᠦᠭᠡᠭᠳᠡᠭᠦᠨ ᠳᠤ ᠪᠤᠷᠤᠳᠤᠬᠤᠢ ᠶᠢᠨ ᠤᠷᠤᠨ ᠨᠤᠳᠤᠭ ᠤᠨ ᠨᠡᠷ᠎ᠡ ᠳᠡᠮᠳᠡᠭ ᠬᠡᠷᠡᠭᠯᠡᠬᠦ ᠡᠷᠬᠡ ᠶᠢ ᠤᠯᠭᠤᠵᠤ᠂ ︽ᠪᠤᠷᠤᠳᠤᠬᠤᠢ ᠳᠡᠮᠳᠡᠭᠳᠤ︾ ᠪᠦᠳᠦᠭᠡᠭᠳᠡᠭᠦᠨ ᠢ | ᠳᠡᠭᠡᠳᠦ ᠳᠡᠰ ᠤᠨ ᠵᠠᠬ᠎ᠠ ᠳᠡᠯᠭᠡᠭᠦᠷ ᠲᠤ ᠤᠷᠤᠭᠤᠯᠵᠤ᠂ ᠦᠨᠳᠦᠷ ᠦᠨ᠎ᠡ ᠳᠤ ᠬᠦᠷᠭᠡᠬᠦ ᠬᠡᠷᠡᠭᠳᠠᠢ᠃ ᠳᠠᠷᠠᠭ᠎ᠠ ᠳᠤᠨᠢ ᠳᠠᠷᠢᠶᠠᠯᠠᠩ ᠤᠨ ᠪᠦᠳᠦᠭᠡᠭᠳᠡᠭᠦᠨ ᠮᠠᠯ ᠤᠨ | ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠭᠡᠳᠡᠷᠬᠦ ᠮᠦᠷᠳᠡᠬᠦ ᠬᠠᠮᠢᠶᠠᠷᠤᠯᠳᠠ ᠶᠢᠨ ᠳᠤᠭᠳᠠᠯᠴᠠᠭ᠎ᠠ ᠶᠢ ᠪᠠᠶᠢᠭᠤᠯᠵᠤ᠂ ᠮᠢᠬᠠᠨ ᠤ ᠵᠦᠢᠯ᠂ ᠢᠳᠡᠰᠢᠨ | ᠨᠤᠭᠤᠭ᠎ᠠ ᠵᠢᠮᠢᠰ᠂ ᠠᠮᠤ ᠪᠤᠳᠠᠭ᠎ᠠ ᠵᠡᠷᠭᠡ ᠭᠤᠤᠯ ᠪᠤᠯᠬᠤ ᠳᠠᠷᠢᠶᠠᠯᠠᠩ ᠤᠨ ᠪᠦᠳᠦᠭᠡᠭᠳᠡᠭᠦᠨ ᠢ ᠴᠦᠮ ᠶᠠᠰᠤ ᠴᠢᠨᠠᠷ ᠤᠨ ᠠᠮᠤᠷ ᠲᠦᠪᠰᠢᠨ ᠢ ᠭᠡᠳᠡᠷᠬᠦ ᠮᠦᠷᠳᠡᠬᠦ | ᠳᠤᠭᠳᠠᠯᠴᠠᠭ᠎ᠠ ᠳᠤ ᠤᠷᠤᠭᠤᠯᠬᠤ ᠬᠡᠷᠡᠭᠳᠠᠢ᠃ ᠳᠠᠬᠢᠪᠠᠯ ᠨᠡᠷ᠎ᠡ ᠳᠡᠮᠳᠡᠭ ᠤᠨ ᠤᠬᠠᠭᠤᠯᠭ᠎ᠠ ᠳᠠᠨᠢᠯᠴᠠᠭᠤᠯᠭ᠎ᠠ ᠶᠢᠨ ᠬᠦᠴᠦᠯᠡᠴᠡ ᠶᠢ ᠶᠡᠬᠡᠰᠬᠡᠵᠦ᠂ ︽ᠪᠤᠷᠤᠳᠤᠬᠤᠢ | ᠳᠡᠮᠳᠡᠭᠳᠤ︾ ᠪᠦᠳᠦᠭᠡᠭᠳᠡᠭᠦᠨ ᠤ ᠨᠡᠷ᠎ᠡ ᠨᠦᠯᠦᠭᠡ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠳᠠᠢ ᠭᠡᠵᠡᠢ᠃ |