9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠬᠦᠬᠡᠬᠤᠲᠠ ᠳᠤ ᠡᠬᠢᠯᠡᠪᠡ᠂ ᠬᠤᠷᠠᠯ ᠨᠢ ︽︿ᠬᠤᠣᠰ ᠨᠡᠭᠦᠷᠡᠰᠦᠲᠥ᠋ᠷᠥᠭᠴᠢ﹀ ᠶᠢᠨ ᠠᠬᠤᠢ | ᠪᠠᠶᠢᠳᠠᠯ ᠳᠣᠣᠷᠠᠬᠢ ᠥᠪᠥᠷ ᠮᠣᠩᠭᠤᠯ ᠤᠨ ᠠᠵᠤ ᠠᠬᠤᠢ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ︾ ᠶᠢᠨ ᠲᠣᠭᠤᠷᠢᠨ ᠳᠤ | ᠲᠤᠰᠬᠠᠢ ᠰᠡᠳᠦᠪ ᠢᠶᠠᠷ ᠵᠥᠪᠯᠡᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠦ | ᠯᠢᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠬᠤᠷᠠᠯ ᠢ ᠡᠷᠬᠢᠯᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠣ ᠴᠦᠨ ᠬᠤᠷᠠᠯ ᠳᠤ ᠣᠷᠣᠯᠴᠠᠭᠰᠠᠨ ᠪᠦᠭᠡᠳ ᠪᠠᠶᠢᠳᠠᠯ ᠢ ᠮᠡᠳᠡᠭᠳᠡᠵᠦ᠂ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠹᠦ᠋ ᠲᠢᠶᠠᠨ᠂ ᠯᠢᠦ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ | ᠡᠧᠦ ᠶᠠᠩ ᠰᠢᠶᠣᠣ ᠬᠤᠢ᠂ ᠸᠧᠢ ᠭᠦᠸᠧ ᠨᠠᠨ ᠵᠢᠴᠢ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠬᠤᠷᠠᠯ ᠳᠤ ᠣᠷᠣᠯᠴᠠᠵᠠᠢ᠃ | ᠵᠠᠩ ᠱᠣᠣ ᠴᠦᠨ ᠪᠠᠶᠢᠳᠠᠯ ᠢ ᠮᠡᠳᠡᠭᠳᠡᠬᠦ ᠳᠡᠭᠡᠨ᠂ ᠣᠶᠢᠷ᠎ᠠ ᠶᠢᠨ ᠵᠢᠯ ᠤᠨ ᠲᠤᠷᠰᠢ ᠥᠪᠡᠷᠲᠡᠭᠡᠨ ᠵᠠᠰᠠᠬᠤ ᠣᠷᠣᠨ ︽ᠬᠤᠤᠰ ᠨᠡᠭᠦᠷᠡᠰᠦᠲᠥ᠋ᠷᠥᠭᠴᠢ︾ | ᠶᠢᠨ ᠲᠤᠬᠠᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠵᠤ᠂ ︽ᠬᠤᠤᠰ ᠨᠡᠭᠦᠷᠡᠰᠦᠲᠥ᠋ᠷᠥᠭᠴᠢ︾ ᠶᠢᠨ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ | ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠭᠦᠨᠵᠡᠭᠡᠶ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠲᠦᠷᠭᠡᠳᠭᠡᠨ ᠠᠬᠢᠭᠤᠯᠵᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ ᠪᠣᠬᠢᠷᠲᠤᠯ ᠥᠬᠡᠶ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ | ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠨᠡᠭᠦᠷᠡᠰᠦᠨ ᠤ ᠬᠡᠷᠡᠭᠯᠡᠭᠡ ᠶᠢ | ᠣᠷᠣᠯᠠᠭᠤᠯᠬᠤ ᠪᠠ ᠬᠡᠯᠪᠡᠷᠢ ᠶᠢ ᠬᠤᠪᠢᠷᠠᠭᠤᠯᠬᠤ᠂ ᠳᠠᠬᠢᠯᠲᠠ ᠡᠨᠧᠷᠭᠢ ᠶᠢᠨ ᠬᠥᠭᠵᠢᠯᠲᠡ᠂ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠪᠠᠶᠢᠭᠤᠯᠬᠤ ᠪᠠ ︽ᠬᠤᠤᠰ | ᠨᠡᠭᠦᠷᠡᠰᠦᠲᠥ᠋ᠷᠥᠭᠴᠢ︾ ᠶᠢᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠶᠢᠨ ᠲᠤᠭᠤᠷᠢᠨ ᠳᠤ᠂ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠠᠴᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠬᠤᠤᠰ ᠡᠵᠡᠮᠳᠡᠯ ᠲᠡᠶᠢᠰᠢ ᠬᠤᠪᠢᠷᠠᠬᠤ ᠶᠢ ᠪᠥᠬᠦ ᠬᠦᠴᠦᠨ ᠢᠶᠠᠷ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠰᠠᠶᠢᠲᠤᠷ ᠵᠠᠮᠨᠠᠨ᠎ᠠ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠮᠠ ᠰᠢᠤᠸᠠᠢ ᠵᠢᠶᠦ᠋ᠨ ᠵᠥᠪᠯᠡᠬᠦ ᠰᠡᠳᠦᠪ ᠤᠨ ᠲᠣᠭᠤᠷᠢᠨ ᠳᠤ ᠭᠤᠣᠯ ᠰᠡᠳᠦᠪᠲᠦ ᠶᠠᠷᠢᠶ᠎ᠠ ᠲᠠᠯᠪᠢᠪᠠ᠃ ᠳ᠋ᠦ᠋ ᠹᠧᠩ ᠯᠢᠶᠠᠨ᠂ | ᠭᠦᠸᠧ ᠶᠢᠨ ᠰᠥᠩ᠂ ᠶᠠᠩ ᠯᠢ ᠮᠢᠨ᠂ ᠵᠢᠶᠠ ᠵᠧᠨ ᠭᠦᠸᠧ᠂ ᠵᠣᠣ ᠶᠦᠨ ᠫᠢᠩ᠂ ᠸᠠᠩ ᠮᠢᠩ ᠫᠧᠢ ᠵᠡᠷᠭᠡ 6 ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠲᠤᠰᠬᠠᠢ ᠮᠡᠷᠭᠡᠵᠢᠯᠲᠡᠨ ᠠᠳᠠᠯᠢ ᠪᠤᠰᠤ ᠬᠠᠷᠠᠭᠠᠰᠤ ᠠᠴᠠ ᠶᠡᠭᠡ ᠬᠤᠷᠠᠯ ᠳᠡᠭᠡᠷ᠎ᠡ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠦᠬᠦᠳ ᠲᠤᠰᠬᠠᠢ ᠰᠡᠳᠦᠪᠲᠤ ᠲᠠᠨᠢᠯᠴᠠᠭᠤᠯᠭ᠎ᠠ ᠬᠢᠭᠰᠡᠨ ᠪᠦᠭᠡᠳ ᠭᠡᠰᠢᠭᠦᠳ ᠲᠠᠢ ᠰᠠᠨᠠᠯ ᠢᠶᠠᠨ ᠰᠣᠯᠢᠯᠴᠠᠪᠠ᠃ | ᠡᠬᠢᠯᠡᠯᠲᠡ ᠶᠢᠨ ᠶᠣᠰᠣᠯᠠᠯ ᠠᠴᠠ ᠡᠮᠦᠨ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ | ᠠᠭᠤᠷᠬᠠᠶ ᠶᠢᠨ ᠦᠢᠯᠡᠰ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠤᠯᠤᠰ ᠤᠨ ᠨᠡᠭᠦᠷᠡᠰᠦᠨ ᠠᠭᠤᠷᠬᠠᠶ ᠶᠢᠨ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ | ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠡᠷᠬᠢᠯᠡᠭᠴᠢ ᠦ᠋ ᠴᠢᠶᠠᠩ ᠤᠷᠢᠯᠭ᠎ᠠ ᠪᠠᠷ ︽ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠪᠠᠶᠢᠳᠠᠯ ᠪᠠ | ᠠᠭᠤᠷᠬᠠᠶ ᠶᠢᠨ ᠣᠷᠴᠢᠨ ᠲᠣᠭᠤᠷᠢᠨ ᠤ ᠠᠰᠠᠭᠤᠳᠠᠯ ᠬᠢᠭᠡᠳ ᠠᠷᠭᠠᠴᠠᠭᠠᠬᠤ ᠪᠣᠳᠣᠯᠭ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠪᠠ᠃ |