ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ | ᠪᠸᠢᠢᠫᠢᠩ ᠤᠨ ᠬᠤᠶᠠᠷ ᠪᠣᠭᠳᠠ ᠠᠭᠤᠯᠠ ᠶᠢᠨ ᠮᠠᠯᠵᠢᠯ ᠤᠨ | ᠲᠠᠯᠠᠪᠠᠶ ᠶᠢᠨ ᠬᠤᠶᠠᠷ ᠪᠣᠭᠳᠠ ᠠᠭᠤᠯᠠ ᠶᠢᠨ ᠴᠠᠭᠠᠨ | ᠨᠣᠯᠣᠣᠷᠳᠣ ᠢᠮᠠᠭᠠᠨ ᠤ ᠠᠵᠤ ᠦᠶᠯᠡᠰ ᠤᠨ ᠰᠤᠳᠤᠯᠤᠨ | ᠨᠡᠭᠡᠭᠡᠯᠲᠡ ᠵᠢᠴᠢ ᠨᠣᠤᠰᠣ ᠨᠤᠯᠤᠤᠷ ᠬᠤᠷᠢᠶᠠᠨ ᠬᠠᠳᠠᠭᠠᠯᠠᠵᠦ | ᠬᠤᠪᠢᠶᠠᠨ ᠰᠠᠮᠨᠠᠬᠤ ᠠᠷᠠᠯᠵᠢᠶᠠᠨ ᠤ ᠲᠥᠪ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠤᠢ᠃ | ᠲᠤᠭᠤᠯᠳᠠᠢ ᠡᠭᠦᠯᠳᠡᠷ ᠤᠨ ᠮᠠᠯ ᠢ ᠦᠷᠡᠵᠢᠭᠦᠯᠦᠨ | ᠪᠣᠶᠢᠵᠢᠭᠤᠯᠬᠤ ᠲᠥᠪ ᠤᠨ ᠲᠦᠷᠦᠯ ᠵᠦᠢᠯ ᠤᠨ ᠪᠠᠷᠢᠯᠭ᠎ᠠ ᠶᠢᠨ | ᠭᠠᠵᠠᠷ ᠲᠤ ᠬᠦᠷᠬᠦ ᠳᠤ᠂ ᠮᠠᠰᠢᠨ ᠲᠡᠷᠭᠡ ᠨᠠᠭᠠᠰᠢ ᠴᠠᠭᠠᠰᠢ | ᠰᠦᠯᠵᠢᠯᠳᠦᠵᠦ᠂ ᠠᠵᠢᠯᠴᠢᠳ ᠶᠠᠭ ᠶᠠᠭᠠᠷᠠᠯᠳᠠᠢ ᠠᠵᠢᠯᠯᠠᠵᠦ | ᠪᠠᠶᠢᠪᠠ᠃ ᠣᠶᠢᠯᠠᠭᠠᠭᠰᠠᠨ ᠢᠶᠠᠷ᠂ ᠲᠣᠰ ᠲᠥᠷᠥᠯ ᠵᠦᠶᠯ ᠤᠨ | ᠶᠡᠷᠦᠩᠬᠡᠶ ᠪᠠᠯᠠ ᠣᠷᠣᠭᠤᠯᠤᠯᠲᠠ ᠨᠢ 8000 ᠲᠦᠮᠡᠨ ᠲᠥᠭᠦᠷᠢᠭ | ᠪᠠᠶᠢᠵᠦ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ 14500 | ᠲᠡᠭᠰᠢ ᠳᠥᠷᠪᠡᠯᠵᠢᠨ ᠮᠧᠲᠷ ᠪᠠᠶᠢᠵᠤ᠂ ᠵᠢᠱᠢᠯᠲᠡ ᠪᠠᠷ ᠢᠷᠡᠬᠦ | ᠵᠢᠯ ᠤᠨ 5 ᠰᠠᠷ᠎ᠠ ᠳᠤ ᠪᠦᠬᠦᠨ ᠢ ᠪᠠᠶᠢᠭᠤᠯᠵᠤ | ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ᠎ᠠ᠃ | ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠤᠷᠠᠳ ᠤᠨ | ᠳᠤᠮᠳᠠᠳᠤ ᠬᠤᠰᠢᠭᠤ ᠶᠢ ᠳᠠᠶᠢᠴᠢᠯᠠᠨ ᠴᠢᠨᠠᠷ ᠰᠠᠶᠢᠲᠠᠶ | ᠢᠮᠠᠭᠠᠨ ᠨᠣᠯᠤᠤᠷ ᠤᠨ ᠦᠶᠯᠡᠳᠪᠦᠷᠢᠯᠡᠯ ᠤᠨ ᠰᠠᠭᠤᠷᠢᠨ | ᠭᠠᠵᠠᠷ ᠢ ᠪᠦᠷᠢᠯᠳᠦᠭᠦᠯᠵᠦ᠂ 《ᠠᠵᠤ ᠠᠬᠤᠶᠢᠯᠠᠯ + ᠡᠭᠦᠯᠳᠡᠷ | ᠪᠣᠶᠢᠵᠢᠭᠤᠯᠬᠤ ᠰᠢᠰᠲ᠋ᠧᠮᠵᠢ + ᠴᠢᠨᠠᠷ ᠰᠠᠶᠢᠲᠠᠶ ᠢᠮᠠᠭᠠᠨ | ᠨᠣᠯᠤᠤᠷ ᠤᠨ ᠠᠵᠤ ᠦᠶᠢᠯᠡᠰᠵᠢᠯᠲᠡ ᠶᠢᠨ ᠬᠤᠯᠪᠣᠭᠠᠯᠠᠯ + | ᠢᠮᠠᠭᠠᠨ ᠨᠣᠯᠤᠤᠷ ᠤᠨ ᠪᠠᠷᠢᠮᠵᠢᠶᠠᠵᠢᠭᠤᠯᠤᠭᠰᠠᠨ ᠬᠤᠳᠠᠯᠳᠤᠨ | ᠠᠪᠴᠤ ᠬᠠᠳᠠᠭᠠᠯᠠᠬᠤ᠂ ᠬᠤᠪᠢᠶᠠᠨ ᠰᠠᠮᠨᠠᠬᠤ᠂ ᠠᠷᠠᠯᠵᠢᠶᠠᠯᠠᠬᠤ | ᠠᠵᠤ ᠦᠶᠢᠯᠡᠰᠵᠢᠯᠲᠡ ᠶᠢᠨ ᠰᠢᠰᠲ᠋ᠧᠮᠵᠢ》 ᠶᠢ ᠪᠠᠶᠢᠭᠤᠯᠬᠤ ᠶᠢ | ᠬᠦᠴᠦᠲᠡᠶ ᠲᠦᠯᠬᠢᠨ ᠠᠬᠢᠭᠤᠯᠬᠤ ᠨᠢ ᠯᠠᠪᠳᠠᠢ ᠶᠤᠮ᠃ | | |