ᠮᠠᠨ ᠤ ᠣᠷᠤᠨ ᠤ 9 ᠳ᠋ᠦ᠋ᠭᠡᠷ ᠰᠠᠷ᠎ᠠ ᠶᠢᠨ 6 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/7
        9 ᠳ᠋ᠦ᠋ᠭᠡᠷ ᠰᠠᠷ᠎ᠠ ᠶᠢᠨ 6 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 57 ᠨᠡᠮᠡᠭᠳᠡᠵᠦ᠂ ᠡᠭᠦᠨ ᠳᠤ ᠤᠯᠠᠭᠠᠨᠬᠠᠳᠠ ᠬᠤᠲᠠ ᠳᠤ 55 ︵4 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ ᠢ ᠪᠠᠭᠲᠠᠭᠠᠨ᠎ᠠ᠂ ᠬᠤᠩᠱᠠᠨ ᠲᠣᠭᠤᠷᠢᠭ ᠲᠤ 2᠂ ᠴᠦᠮ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ︔ ᠰᠦᠩᠱᠠᠨ ᠲᠣᠭᠤᠷᠢᠭ ᠲᠤ 13᠂ ᠡᠭᠦᠨ ᠳᠤ 10 ᠶᠢ ᠨᠢ ᠪᠢᠲᠡᠭᠦᠮᠵᠢᠯᠡᠨ ᠬᠠᠮᠢᠶᠠᠷᠴᠤ ᠪᠠᠶᠢᠭ᠎ᠠ ᠬᠦᠮᠦᠰ ᠤᠨ ᠰᠢᠩᠰᠢᠨ ᠪᠠᠶᠢᠴᠠᠭᠠᠯᠲᠠ ᠠᠴᠠ ᠪᠠᠶᠢᠴᠠᠭᠠᠨ ᠢᠯᠡᠷᠡᠭᠦᠯᠵᠦ᠂ 2 ᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠦ᠂ 1 ᠶᠢ ᠨᠢ ᠰᠠᠨᠠᠭᠠᠴᠢᠯᠠᠭ᠎ᠠ ᠠᠴᠠ ᠪᠠᠨ ᠡᠮᠴᠢᠯᠡᠭᠦᠯᠦᠭᠰᠡᠨ ᠬᠦᠮᠦᠰ ᠤᠨ ᠳᠤᠮᠳᠠ ᠠᠴᠠ ᠪᠠᠶᠢᠴᠠᠭᠠᠨ ᠢᠯᠡᠷᠡᠭᠦᠯᠪᠡ︔ ᠣᠩᠨᠢᠭᠤᠳ ᠬᠤᠰᠢᠭᠤᠨ ᠳᠤ 40᠂ ᠡᠭᠦᠨ ᠳᠤ 38 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠦ᠂ 2 ᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠳᠤ ᠢᠯᠡᠷᠡᠭᠦᠯᠵᠡᠢ︶᠂ ᠰᠢᠯᠢ ᠶᠢᠨ ᠭᠤᠣᠯ ᠠᠶᠢᠮᠠᠭ ᠲᠤ 2 ︵ᠴᠦᠮ ᠰᠢᠯᠢ ᠶᠢᠨ ᠬᠤᠲᠠ ᠳᠤ ᠪᠤᠢ᠂ ᠡᠭᠦᠨ ᠳᠤ 1 ᠶᠢ ᠨᠢ ᠰᠠᠨᠠᠭᠠᠴᠢᠯᠠᠭ᠎ᠠ ᠠᠴᠠ ᠪᠠᠨ ᠡᠮᠴᠢᠯᠡᠭᠦᠯᠦᠭᠰᠡᠨ ᠬᠦᠮᠦᠰ ᠤᠨ ᠳᠤᠮᠳᠠ ᠠᠴᠠ ᠪᠠᠶᠢᠴᠠᠭᠠᠨ ᠢᠯᠡᠷᠡᠭᠦᠯᠵᠦ᠂ 1 ᠶᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠳᠤ ᠢᠯᠡᠷᠡᠭᠦᠯᠵᠡᠢ︶ ᠪᠤᠢ︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 81 ᠨᠡᠮᠡᠭᠳᠡᠵᠦ᠂ ᠡᠭᠦᠨ ᠳᠤ ᠤᠯᠠᠭᠠᠨᠬᠠᠳᠠ ᠬᠤᠲᠠ ᠳᠤ 74 ︵ᠰᠦᠩᠱᠠᠨ ᠲᠣᠭᠤᠷᠢᠭ ᠲᠤ 1᠂ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠳᠤ ᠢᠯᠡᠷᠡᠭᠦᠯᠵᠡᠢ︔ ᠣᠩᠨᠢᠭᠤᠳ ᠬᠤᠰᠢᠭᠤᠨ ᠳᠤ 73᠂ ᠡᠭᠦᠨ ᠳᠤ 72 ᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠦ᠂ 1 ᠶᠢ ᠨᠢ ᠦᠨᠳᠦᠷ ᠲᠡᠰ ᠤᠨ ᠲᠦᠭᠰᠢᠭᠦᠷᠢᠲᠦ ᠣᠷᠣᠨ ᠤ ᠰᠢᠭᠰᠢᠨ ᠪᠠᠶᠢᠴᠠᠭᠠᠯᠲᠠ ᠠᠴᠠ ᠪᠠᠶᠢᠴᠠᠭᠠᠨ ᠢᠯᠡᠷᠡᠭᠦᠯᠪᠡ︶᠂ ᠰᠢᠯᠢ ᠶᠢᠨ ᠭᠤᠣᠯ ᠠᠶᠢᠮᠠᠭ ᠲᠤ 7 ︵ᠴᠦᠮ ᠰᠢᠯᠢ ᠶᠢᠨ ᠬᠤᠲᠠ ᠳᠤ ᠪᠤᠢ᠂ ᠡᠭᠦᠨ ᠳᠤ 4 ᠶᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠠᠴᠠ ᠢᠯᠡᠷᠡᠭᠦᠯᠵᠦ᠂ 3 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ᠨᠡᠮᠡᠭᠳᠡᠵᠦ᠂ 1 ᠲᠣᠳᠣᠯᠠᠭᠰᠠᠨ ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠴᠦᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠤᠨ᠎ᠠ᠃        9 ᠳ᠋ᠦ᠋ᠭᠡᠷ ᠰᠠᠷ᠎ᠠ ᠶᠢᠨ 6 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 150 ᠪᠠᠶᠢᠵᠤ᠂ ᠡᠭᠦᠨ ᠳᠤ ᠬᠥᠬᠡᠬᠤᠲᠠ ᠳᠤ 5 ︵ᠴᠦᠮ ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠦᠭᠰᠡᠨ ᠬᠦᠮᠦᠰ ᠪᠠ ᠲᠡᠭᠦᠨ ᠤ ᠨᠢᠭᠲᠠ ᠣᠶᠢᠷᠠᠲᠤᠭᠴᠢ︶᠂ ᠬᠦᠯᠦᠨ ᠪᠤᠶᠢᠷ ᠬᠤᠲᠠ ᠳᠤ 7 ︵ᠴᠦᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 107 ︵ᠬᠤᠩᠱᠠᠨ ᠲᠣᠭᠤᠷᠢᠭ ᠲᠤ 3᠂ ᠰᠦᠩᠱᠠᠨ ᠲᠣᠭᠤᠷᠢᠭ ᠲᠤ 15᠂ ᠣᠩᠨᠢᠭᠤᠳ ᠬᠤᠰᠢᠭᠤᠨ ᠳᠤ 89︶᠂ ᠰᠢᠯᠢ ᠶᠢᠨ ᠭᠤᠣᠯ ᠠᠶᠢᠮᠠᠭ ᠲᠤ 26 ︵ᠰᠢᠯᠢ ᠶᠢᠨ ᠬᠤᠲᠠ ᠳᠤ 6᠂ ᠡᠷᠢᠶᠡᠨ ᠬᠤᠲᠠ ᠳᠤ 20︶᠂ ᠣᠷᠳᠣᠰ ᠬᠤᠲᠠ ᠳᠤ 5 ︵ᠵᠡᠭᠦᠨᠭᠠᠷ ᠬᠤᠰᠢᠭᠤᠨ ᠳᠤ 1᠂ ᠡᠵᠡᠨ ᠬᠤᠷᠤᠭ᠎ᠠ ᠬᠤᠰᠢᠭᠤᠨ ᠳᠤ 4︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 197 ᠪᠠᠶᠢᠵᠤ᠂ ᠡᠭᠦᠨ ᠳᠤ ᠬᠥᠬᠡᠬᠤᠲᠠ ᠳᠤ 3 ︵ᠴᠦᠮ ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠦᠭᠰᠡᠨ ᠬᠦᠮᠦᠰ ᠪᠠ ᠲᠡᠭᠦᠨ ᠤ ᠨᠢᠭᠲᠠ ᠣᠶᠢᠷᠠᠲᠤᠭᠴᠢ︶᠂ ᠤᠯᠠᠭᠠᠨᠬᠠᠳᠠ ᠬᠤᠲᠠ ᠳᠤ 139 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 1᠂ ᠣᠩᠨᠢᠭᠤᠳ ᠬᠤᠰᠢᠭᠤᠨ ᠳᠤ 137︶ ᠂ ᠰᠢᠯᠢ ᠶᠢᠨ ᠭᠤᠣᠯ ᠠᠶᠢᠮᠠᠭ ᠲᠤ 54 ︵ᠰᠢᠯᠢ ᠶᠢᠨ ᠬᠤᠲᠠ ᠳᠤ 17᠂ ᠡᠷᠢᠶᠡᠨ ᠬᠤᠲᠠ ᠳᠤ 37︶᠂ ᠠᠯᠠᠱᠠ ᠠᠶᠢᠮᠠᠭ ᠲᠤ 1 ︵ᠠᠯᠠᠱᠠ ᠵᠡᠭᠦᠨ ᠬᠤᠰᠢᠭᠤᠨ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 15᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 8 ᠪᠠᠶᠢᠵᠤ᠂ ᠴᠦᠮ ᠬᠥᠬᠡᠬᠤᠲᠠ ᠳᠤ ᠪᠤᠢ᠃ ᠳᠡᠭᠡᠷᠡᠬᠢ ᠬᠦᠮᠦᠰ ᠢ ᠴᠦᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ