ᠬᠦᠲᠦᠯᠪᠦᠷᠢ ᠶᠢᠨ ᠴᠢᠨᠠᠷᠲᠠᠶ ᠰᠢᠶᠳᠪᠦᠷᠢ ᠶᠢᠨ ᠬᠡᠯᠪᠡᠷᠢ
  
2022/9/8
       ᠬᠦᠲᠦᠯᠪᠦᠷᠢ ᠶᠢᠨ ᠴᠢᠨᠠᠷᠲᠠᠶ ᠰᠢᠶᠳᠪᠦᠷᠢ ᠶᠢ ᠪᠢᠴᠢᠬᠦ ᠳᠤ ᠠᠩᠬᠠᠷᠬᠤ ᠵᠦᠢᠯ ᠤᠳ᠄     1. ᠬᠥᠲᠥᠯᠪᠦᠷᠢ ᠶᠢᠨ ᠴᠢᠨᠠᠷᠲᠠᠶ ᠰᠢᠶᠳᠪᠦᠷᠢ ᠶᠢᠨ ᠣᠷᠣᠰᠢᠯ ᠤᠨ ᠬᠡᠰᠡᠭ ᠲᠤ᠂ ᠬᠤᠷᠠᠯᠳᠤᠭᠠᠨ ᠳᠤ ᠰᠢᠶᠳᠪᠦᠷᠢ ᠭᠠᠷᠭᠠᠭᠰᠠᠨ ᠰᠢᠯᠲᠠᠭᠠᠨ ᠪᠤᠶᠤ ᠵᠣᠷᠢᠯᠭ᠎ᠠ ᠵᠡᠷᠭᠡ ᠶᠢ ᠲᠣᠳᠣᠷᠬᠠᠶᠢᠯᠠᠵᠣ᠂ ᠵᠠᠷᠢᠮ ᠦᠶ᠎ᠡ ᠳᠤ ᠣᠷᠣᠰᠢᠯ ᠤᠨ ᠬᠡᠰᠡᠭ ᠢ ᠲᠣᠪᠴᠢᠯᠠᠵᠣ ᠪᠢᠴᠢᠬᠦ ᠦᠭᠡᠢ ᠪᠠᠶᠢᠵᠣ ᠪᠣᠯᠣᠨ᠎ᠠ᠃ ᠵᠠᠯᠭᠠᠭᠠᠳ 《 ᠳᠣᠣᠷᠠᠬᠢ ᠮᠡᠲᠦ ᠰᠢᠶᠳᠪᠦᠷᠢ ᠭᠠᠷᠭᠠᠪᠠ 》 ᠭᠡᠬᠦ ᠰᠢᠯᠵᠢᠯᠲᠡ ᠶᠢᠨ ᠦᠭᠡ ᠪᠠᠷ ᠳᠠᠮᠵᠢᠨ ᠰᠢᠶᠳᠪᠦᠷᠢ ᠭᠠᠷᠭᠠᠬᠤ ᠴᠢᠬᠤᠯᠠᠲᠠᠢ ᠵᠦᠢᠯᠡᠰ ᠢ ᠮᠡᠳᠡᠭᠦᠯᠦᠨ᠎ᠡ᠃     2. ᠰᠢᠶᠳᠪᠦᠷᠢ ᠶᠢᠨ ᠠᠭᠤᠯᠭ᠎ᠠ ᠶᠢᠨ ᠬᠡᠰᠡᠭ ᠲᠤ᠂ ᠶᠡᠷᠦ ᠳᠡᠭᠡᠨ ᠪᠠᠭ᠎ᠠ ᠭᠠᠷᠴᠠᠭ ᠤᠨ ᠬᠡᠯᠪᠡᠷᠢ ᠪᠠᠷ ᠪᠣᠳᠠᠲᠠᠶ ᠬᠡᠷᠡᠭ ᠶᠠᠪᠤᠳᠠᠯ ᠤᠳ ᠢ ᠵᠢᠭᠰᠠᠭᠠᠨ᠎ᠠ᠃     3. ᠲᠡᠭᠦᠰᠬᠡᠯ ᠤᠨ ᠬᠡᠰᠡᠭ ᠲᠤ ᠶᠡᠷᠦ ᠳᠡᠭᠡᠨ ᠬᠦᠰᠡᠯ ᠡᠷᠡᠮᠡᠯᠵᠡᠯ ᠪᠤᠶᠤ ᠱᠠᠭᠠᠷᠳᠠᠯᠭ᠎ᠠ ᠪᠠᠨ ᠳᠣᠷᠠᠳᠣᠨ᠎ᠠ᠃       
  ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ