ᠪᠥᠬᠦ ᠣᠷᠣᠨ ᠤ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠰᠢᠭᠤᠳ ᠠᠵᠢᠯᠲᠠᠨ 4.5 ᠲᠦᠮᠡ ᠳᠤ ᠬᠥᠷᠪᠡ
ᠨᠡᠶᠢᠲᠡᠯᠡᠭᠰᠡᠨ ᠴᠠᠭ᠄
2023/10/12

        10 ᠳ᠋ᠤᠭᠠᠷ ᠰᠠᠷ᠎ᠠ ᠶᠢᠨ 9᠎ ᠤ ᠡᠳᠦᠷ ᠪᠣᠯ 54 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠰᠢᠤᠳᠠᠨ ᠤ ᠡᠳᠦᠷ᠂ ᠡᠨᠡ ᠵᠢᠯ ᠤᠨ ᠭᠤᠣᠯ ᠰᠡᠳᠦᠪ ᠨᠢ ︽

ᠢᠲᠡᠭᠡᠯ ᠢ ᠬᠠᠮᠲᠤ ᠪᠠᠷ ᠪᠣᠢ ᠪᠣᠯᠭᠠᠶ᠎ᠠ — ᠠᠮᠤᠷ ᠲᠦᠪᠰᠢᠨ ᠬᠤᠯᠪᠣᠭᠠᠯᠠᠭᠰᠠᠨ ᠢᠷᠡᠭᠡᠳᠦᠢ ᠶᠢ ᠬᠠᠮᠲᠤ ᠪᠠᠷ ᠪᠠᠶᠢᠭᠤᠯᠤᠶ᠎ᠠ︾ ᠪᠣᠯᠣᠨ᠎ᠠ᠃ ᠥᠪᠡᠷᠲᠡᠭᠡᠨ ᠵᠠᠰᠠᠬᠤ

ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠪᠦᠷᠢᠳᠬᠡᠯ ᠠᠴᠠ ᠬᠠᠷᠠᠬᠤ ᠳᠤ᠂ ᠡᠳᠦᠭᠡ ᠬᠦᠷᠲᠡᠯ᠎ᠡ᠂ ᠥᠪᠥᠷ ᠮᠣᠩᠭᠤᠯ ᠤᠨ ᠰᠢᠤᠳᠠᠨ ᠤ ᠲᠦᠷᠭᠡᠨ

ᠬᠦᠷᠭᠡᠯᠲᠡ ᠶᠢᠨ ᠦᠢᠯᠡᠰ ᠤᠨ ᠰᠢᠭᠤᠳ ᠠᠵᠢᠯᠲᠠᠨ 4.5 ᠲᠦᠮᠡ ᠳᠤ ᠬᠦᠷᠴᠦ᠂ 2023 ᠣᠨ ᠳᠤ ᠵᠢᠱᠢᠯᠲᠡ ᠪᠠᠷ 29 ᠳ᠋ᠦᠩᠰᠢᠭᠤᠷ ᠬᠥᠮᠥᠨ ︵ᠤᠳᠠᠭ᠎ᠠ︶

᠎ ᠳᠤ ᠦᠢᠯᠡᠴᠢᠯᠡᠬᠦ ᠪᠣᠯᠣᠨ᠎ᠠ᠃ ᠪᠥᠬᠦ ᠣᠷᠣᠨ ᠳᠤ ᠲᠦᠷᠭᠡᠨ ᠬᠦᠷᠭᠡᠯᠲᠡ ᠶᠢᠨ ᠵᠥᠪᠰᠢᠶᠡᠷᠡᠯ ᠲᠠᠢ ᠠᠵᠤ ᠠᠬᠤᠶᠢᠯᠠᠯ ᠨᠡᠶᠢᠲᠡ 406᠂ ᠰᠠᠯᠪᠤᠷᠢ ᠪᠠᠶᠢᠭᠤᠯᠤᠮᠵᠢ

1686᠂ ᠳᠠᠩᠰᠠᠯᠠᠭᠤᠯᠤᠭᠰᠠᠨ ᠦᠵᠦᠭᠦᠷ ᠴᠡᠭ 10222 ᠪᠠᠶᠢᠨ᠎ᠠ᠃ ᠣᠳᠣᠬᠠᠨ ᠳᠤ᠂ ᠬᠢᠯᠢ ᠬᠢᠵᠠᠭᠠᠷ ᠤᠨ 131 ᠭᠠᠴᠠᠭ᠎ᠠ ᠲᠣᠰᠬᠤᠨ ᠪᠦᠬᠦᠨ ᠳᠤ ᠰᠢᠤᠳᠠᠨ

ᠦᠢᠯᠡᠴᠢᠯᠡᠭᠡ ᠲᠠᠢ ᠪᠣᠯᠵᠤ᠂ ᠰᠢᠶᠠᠩ ᠪᠣᠯᠭᠠᠨ ᠳᠤ ᠪᠠᠶᠢᠭᠤᠯᠤᠮᠵᠢ ᠪᠠᠶᠢᠭᠤᠯᠵᠤ᠂ ᠲᠣᠰᠬᠤᠨ ᠪᠦᠷᠢ ᠳᠤ ᠰᠢᠤᠳᠠᠨ᠋ ᠲᠠᠢ ᠪᠣᠯᠬᠤ ᠶᠢ ᠪᠡᠶᠡᠯᠡᠭᠦᠯᠦᠭᠰᠡᠨ ᠪᠠᠶᠢᠨ᠎ᠠ᠃

        ᠵᠢᠯ ᠡᠬᠢᠯᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ︽ᠬᠤᠶᠠᠷ ᠲᠣᠭᠲᠠᠯᠴᠠᠭ᠎ᠠ ᠬᠤᠶᠠᠷ

ᠢᠨᠵᠧᠨᠧᠷᠢᠩ︾᠎ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠭᠤᠣᠯ ᠱᠤᠭᠤᠮ ᠪᠠ ︽ᠨᠢᠭᠡ ᠠᠷᠭ᠎ᠠ ᠭᠤᠷᠪᠠᠨ ᠲᠣᠭᠲᠠᠯᠴᠠᠭ᠎ᠠ︾᠎ ᠶᠢᠨ ᠥᠨᠳᠥᠷ

ᠪᠦᠲᠦᠮᠵᠢᠲᠡᠶ ᠵᠠᠰᠠᠯᠲᠠ ᠶᠢᠨ ᠠᠵᠢᠯ ᠤᠨ ᠭᠤᠣᠯ ᠱᠤᠭᠤᠮ ᠢ ᠬᠡᠷᠡᠭᠵᠢᠭᠦᠯᠬᠦ ᠪᠠᠷ ᠳᠠᠮᠵᠢᠭᠤᠯᠤᠨ᠂ ᠰᠠᠭᠤᠷᠢ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠥᠷᠭᠡᠳᠬᠡᠨ

᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠪᠥᠬᠦ ᠣᠷᠣᠨ ᠤ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ

ᠪᠥᠬᠦ ᠬᠦᠴᠦᠨ ᠢᠶᠠᠷ ᠢᠶᠠᠨ ᠠᠬᠢᠭᠤᠯᠬᠤ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃

        ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠰᠢᠤᠳᠠᠨ ᠤ ᠰᠢᠰᠲ᠋ᠧᠮ ᠠᠵᠢᠯ ᠲᠥᠷᠥᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ

ᠴᠢᠩᠭᠠᠳᠬᠠᠵᠤ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ

ᠲᠡᠭᠦᠯᠳᠡᠷᠵᠢᠭᠦᠯᠵᠦ᠂ ᠬᠤᠪᠢᠶᠠᠷᠢᠯᠠᠯᠲᠠ ᠪᠠ ᠬᠠᠮᠲᠤ ᠶᠢᠨ ᠲᠦᠭᠡᠭᠡᠯᠲᠠ ᠶᠢᠨ ᠲᠥᠪ ᠢᠶᠠᠷ ᠭᠤᠣᠯᠯᠠᠭᠰᠠᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ

ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠣᠷᠣᠨ ᠤ ᠬᠤᠰᠢᠭᠤ ᠰᠢᠶᠠᠨ ᠤ ᠬᠤᠪᠢᠶᠠᠷᠢᠯᠠᠯᠲᠠ ᠪᠠ ᠬᠠᠮᠲᠤ ᠶᠢᠨ ᠲᠦᠭᠡᠭᠡᠯᠲᠠ ᠶᠢᠨ ᠲᠥᠪ

ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ