ᠬᠤᠸᠠᠩ ᡁᠢ ᠴᠢᠶᠠᠩ ᠦᠬᠠᠢ ᠬᠤᠳᠠ ᠳᠤ ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ ᠵᠢᠯᠤᠭᠤᠳᠬᠤ ᠳᠤ ᠪᠠᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ ᠲᠥᠪ ᠴᠢᠩᠭ᠎ᠠ ᠰᠤᠷᠲᠠᠯ ᠢ ᠪᠠᠷᠢᠮᠲᠠᠯᠠᠵᠤ ᠭᠤᠣᠯ ᠰᠡᠳᠦᠪᠲᠦ ᠬᠥᠮᠦᠵᠢᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2023/10/13

        10 ᠳ᠋ᠤᠭᠠᠷ ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ

ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠦᠬᠠᠢ ᠬᠤᠲᠠ ᠳᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠠᠶᠢᠴᠠᠭᠠᠨ

ᠰᠤᠳᠤᠯᠵᠤ ᠵᠢᠯᠣᠭᠤᠳᠪᠠ᠃ ᠬᠤᠸᠠᠩ ᡁᠢ ᠴᠢᠶᠠᠩ ᠦᠬᠠᠢ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ

ᠰᠤᠷᠤᠯᠴᠠᠯᠭ᠎ᠠ ᠳᠤ ᠣᠷᠣᠯᠴᠠᠵᠤ᠂ ᠦᠬᠠᠢ ᠬᠤᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠨᠴᠠᠭᠠᠶᠢᠯᠠᠨ ︽ᠥᠪᠥᠷ ᠮᠣᠩᠭᠤᠯ ᠤᠨ ᠬᠠᠭᠤᠳᠠᠰᠤ︾᠎ ᠶᠢ ᠰᠠᠶᠢᠲᠤᠷ ᠰᠤᠷᠤᠯᠴᠠᠬᠤ ᠬᠡᠷᠡᠭᠲᠡᠢ᠃

ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠨᠢ ᠦᠨᠳᠦᠰᠦᠨ ᠱᠠᠲᠤᠨ ᠳᠤ ᠬᠠᠨᠳᠤᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠥᠨᠳᠥᠷ ᠪᠠᠶᠢᠵᠤ᠂

ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠦᠷᠦᠯ ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ᠠᠰᠠᠭᠤᠳᠠᠯ ᠳᠤ ᠴᠢᠭᠯᠡᠭᠦᠯᠬᠦ ᠶᠢ ᠲᠣᠪᠤᠶᠢᠯᠭᠠᠨ᠂

ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠲᠥᠪ ᠴᠢᠩᠭ᠎ᠠ ᠰᠤᠷᠲᠠᠯ ᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ

ᠬᠢᠭᠰᠡᠨ ᠪᠣᠳᠠᠲᠤ ᠦᠷ᠎ᠡ ᠪᠦᠲᠦᠭᠡᠯ ᠢᠶᠠᠷ ᠭᠤᠣᠯ ᠰᠡᠳᠦᠪᠲᠦ ᠬᠥᠮᠦᠵᠢᠯ ᠤᠨ ᠪᠦᠲᠦᠮᠵᠢ ᠶᠢ ᠰᠢᠯᠭᠠᠬᠤ ᠬᠡᠷᠡᠭᠲᠡᠢ ᠭᠡᠵᠦ ᠬᠡᠯᠡᠪᠡ᠃

        ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠬᠠᠶᠢᠷᠤᠪ ᠤᠨ ᠲᠣᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠶᠢᠨ ᠯᠠᠨ ᠲᠢᠶᠠᠨ ᠨᠡᠶᠢᠭᠡᠮ

ᠲᠣᠭᠤᠷᠢᠭ ᠲᠤ᠂ ᠬᠤᠸᠠᠩ ᡁᠢ ᠴᠢᠶᠠᠩ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠠᠮ ᠤᠨ ᠭᠡᠰᠢᠭᠦᠨ ᠺᠠᠳ᠋ᠷᠴᠤᠳ ᠢ ᠠᠵᠢᠯ ᠤᠨ

ᠪᠣᠳᠠᠲᠠᠢ ᠲᠠᠢ ᠪᠠᠨ ᠨᠢᠭᠲᠠ ᠤᠶᠠᠯᠳᠤᠭᠤᠯᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠵᠢᠯᠤᠭᠤᠳᠴᠤ᠂ ᠪᠣᠳᠠᠲᠠᠢ ᠠᠵᠢᠯ ᠬᠢᠬᠦ᠂ ᠠᠷᠠᠳ ᠤᠨ

ᠵᠣᠪᠠᠨᠢᠯ ᠢ ᠰᠢᠢᠳᠪᠦᠷᠢᠯᠡᠬᠦ ᠲᠠᠯ᠎ᠠ ᠪᠠᠷ ᠰᠡᠳᠬᠢᠯ ᠲᠠᠯᠪᠢᠨ᠂ ᠤᠯᠠᠨ ᠲᠦᠮᠡᠨ ᠳᠤ ᠬᠤᠪᠢᠷᠠᠯᠲᠠ ᠶᠢ ᠬᠠᠷᠠᠭᠤᠯᠵᠤ᠂ ᠪᠣᠳᠠᠲᠠᠢ ᠠᠰᠢᠭ ᠬᠦᠷᠲᠡᠭᠡᠬᠦ ᠬᠡᠷᠡᠭᠲᠡᠢ ᠭᠡᠵᠦ

ᠱᠠᠭᠠᠷᠳᠠᠪᠠ᠃ ᠪᠠᠶᠢᠴᠠᠭᠠᠨ ᠰᠤᠳᠤᠯᠬᠤ ᠳᠤ ᠪᠠᠨ᠂ ᠬᠤᠸᠠᠩ ᡁᠢ ᠴᠢᠶᠠᠩ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ

ᠬᠢᠨᠠᠨ ᠵᠢᠯᠣᠭᠤᠳᠪᠠ᠃

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ