ᠰᠦᠨ ᠱᠣᠣ ᠴᠧᠩ ᠠᠯᠪᠠᠨ ᠲᠢᠩᠬᠢᠮ ᠤᠨ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2023/10/13

        ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ ᠠᠯᠪᠠᠨ ᠲᠢᠩᠬᠢᠮ ᠤᠨ ᠠᠵᠢᠯ ᠢ ᠰᠠᠶᠢᠲᠤᠷ ᠬᠢᠬᠦ

ᠲᠤᠬᠠᠢ ᠴᠣᠬᠤᠯᠠᠪᠤᠷᠢ ᠥᠭᠴᠡᠢ᠄ ᠠᠯᠪᠠᠨ ᠲᠢᠩᠬᠢᠮ ᠤᠨ ᠠᠵᠢᠯ ᠤᠨ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤᠵᠢᠯᠲᠠᠢ᠂ ᠬᠠᠷᠢᠭᠤᠴᠠᠯᠭ᠎ᠠ ᠥᠩᠭᠡ ᠭᠡᠷᠡᠯᠲᠡᠢ ᠶᠤᠮ᠃

ᠪᠥᠬᠦ ᠣᠷᠣᠨ ᠤ ᠠᠯᠪᠠᠨ ᠲᠢᠩᠬᠢᠮ ᠤᠨ ᠰᠢᠰᠲ᠋ᠧᠮ ᠤᠨ ᠬᠢᠨ ᠠᠯᠪᠠᠨ ᠲᠢᠩᠬᠢᠮ ᠤᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠪᠥᠬᠦ ᠤᠯᠤᠰ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠨᠠᠷᠢᠨ

ᠪᠢᠴᠢᠭ ᠤᠨ ᠳᠠᠷᠤᠭ᠎ᠠ ᠨᠠᠷ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠭᠤᠷᠪᠠ ᠳᠤ ᠦᠢᠯᠡᠴᠢᠯᠡᠬᠦ︾

ᠠᠵᠢᠯ ᠤᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠪᠠᠶᠢᠭᠤᠯᠭ᠎ᠠ ᠶᠢᠨ ᠤᠬᠠᠮᠰᠠᠷ ᠢ ᠪᠠᠲᠤ ᠪᠣᠢ ᠪᠣᠯᠭᠠᠵᠤ᠂

︽ᠤᠯᠤᠰ ᠤᠨ ᠶᠡᠭᠡ ᠶᠠᠪᠤᠳᠠᠯ︾᠎ ᠢ ᠴᠡᠭᠡᠵᠢᠨ ᠳᠡᠭᠡᠨ ᠪᠠᠭᠲᠠᠭᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ

ᠬᠦᠴᠦᠲᠡᠢ ᠦᠢᠯᠡᠳᠦᠯᠭᠡᠵᠢᠭᠦᠯᠬᠦ ᠲᠠᠯ᠎ᠠ ᠪᠠᠷ ᠰᠠᠶᠢᠨ ᠦᠯᠢᠭᠡᠷ ᠳᠠᠭᠤᠷᠢᠶᠠᠯ ᠪᠣᠯᠵᠤ᠂ ᠵᠢᠱᠢᠶ᠎ᠡ ᠦᠵᠡᠭᠦᠯᠬᠦ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ

ᠡᠭᠦᠷᠭᠡᠯᠡᠯ ᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠣᠬᠢ ᠰᠠᠶᠢᠨ ᠬᠢᠬᠦ ᠠᠵᠢᠯ ᠤᠨ

ᠪᠠᠷᠢᠮᠵᠢᠶ᠎ᠠ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠥᠪᠯᠡᠵᠦ ᠬᠠᠪᠰᠤᠷᠬᠤ᠂ ᠱᠠᠯᠠᠪᠳᠠᠭᠤᠯᠤᠨ ᠪᠠᠶᠢᠴᠠᠭᠠᠬᠤ᠂ ᠦᠢᠯᠡᠴᠢᠯᠡᠵᠦ ᠪᠠᠲᠤᠯᠠᠬᠤ

ᠵᠡᠷᠭᠡ ᠡᠯ᠎ᠡ ᠵᠦᠢᠯ ᠤᠨ ᠠᠵᠢᠯ ᠢ ᠨᠢᠭᠲᠠ ᠠᠴᠠ ᠨᠢᠭᠲᠠ ᠰᠠᠶᠢᠲᠤᠷ ᠬᠢᠵᠦ᠂ ᠨᠠᠷᠢᠨ ᠵᠦᠢᠯᠡᠰ ᠤᠨ ᠳᠤᠮᠳᠠ ᠵᠣᠷᠢᠭ ᠰᠠᠨᠠᠭ᠎ᠠ ᠶᠢ ᠢᠯᠡᠷᠡᠭᠦᠯᠵᠦ᠂ ᠨᠠᠷᠢᠨ ᠵᠦᠢᠯᠡᠰ ᠤᠨ

ᠳᠤᠮᠳᠠ ᠲᠦᠪᠰᠢᠨ ᠢ ᠢᠯᠡᠷᠡᠭᠦᠯᠬᠦ ᠬᠡᠷᠡᠭᠲᠡᠢ᠃ ᠲᠦᠷᠦᠭᠦᠯᠡᠨ ᠶᠣᠰᠣ ᠳᠦᠷᠢᠮ ᠢ ᠡᠷᠬᠢᠮᠯᠡᠵᠦ᠂ ᠶᠣᠰᠣ ᠳᠦᠷᠢᠮ ᠢ ᠪᠠᠶᠢᠭᠤᠯᠬᠤ ᠪᠠ ᠬᠡᠷᠡᠭᠵᠢᠭᠦᠯᠬᠦ ᠶᠢ ᠦᠨᠡᠨ ᠬᠦ

ᠰᠠᠶᠢᠲᠤᠷ ᠠᠳᠬᠤᠵᠤ᠂ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ

ᠭᠤᠷᠪᠠᠨ ᠤᠳᠠᠭᠠᠨ︾᠎ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠲᠠᠯ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ

ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ

ᠪᠠᠳᠠᠷᠠᠭᠤᠯᠵᠤ᠂ ᠪᠥᠬᠦ ᠣᠷᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠡᠮᠦᠨ᠎ᠡ ᠡᠩᠨᠡᠭᠡᠨ ᠳᠤ ᠶᠠᠪᠤᠵᠤ᠂ ︽ᠬᠤᠰᠢᠭᠤᠴᠢ︾ ᠪᠣᠯᠬᠤ ᠪᠠᠷ ᠴᠢᠷᠮᠠᠶᠢᠬᠤ ᠬᠡᠷᠡᠭᠲᠡᠢ ᠭᠡᠪᠡ᠃

        10 ᠰᠠᠷ᠎ᠠ ᠶᠢᠨ 12᠎ ᠤᠨ ᠡᠳᠦᠷ᠂ ᠪᠥᠬᠦ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ

ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ

ᠯᠢ ᠰᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ᠂ ᠪᠥᠬᠦ ᠣᠷᠣᠨ ᠤ ᠡᠯ᠎ᠡ ᠱᠠᠲᠤᠨ ᠤ ᠠᠯᠪᠠᠯᠠᠬᠤ ᠰᠠᠯᠠᠭ᠎ᠠ ᠮᠥᠴᠢᠷ ᠤᠨ ᠬᠢᠨ ᠲᠤᠭ ᠲᠡᠮᠳᠡᠭ

ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠲᠣᠭᠲᠠᠭᠠᠭᠰᠠᠨ︾᠎ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ

ᠲᠠᠯ᠎ᠠ ᠪᠠᠷ ᠰᠠᠶᠢᠨ ᠦᠯᠢᠭᠡᠷ ᠳᠠᠭᠤᠷᠢᠶᠠᠯ ᠪᠣᠯᠵᠤ᠂ ᠦᠯᠢᠭᠡᠷ ᠵᠢᠱᠢᠶ᠎ᠡ ᠦᠵᠡᠭᠦᠯᠵᠦ᠂ ︽ᠲᠦᠷᠭᠡᠨ᠂ ᠲᠣᠭᠲᠠᠭᠤᠨ᠂ ᠴᠢᠩᠭ᠎ᠠ᠂ ᠣᠨᠣᠪᠴᠢᠲᠠᠢ᠂ ᠨᠠᠷᠢᠯᠢᠭ᠂ ᠪᠣᠳᠠᠲᠠᠢ︾

ᠶᠡᠷᠦᠩᠬᠡᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠡᠯ᠎ᠡ

ᠲᠥᠷᠥᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠤᠰᠬᠠᠢ ᠴᠡᠭᠴᠡᠯᠡᠨ ᠵᠠᠰᠠᠯᠲᠠ ᠶᠢ ᠠᠬᠢᠭᠤᠯᠬᠤ ᠳᠤᠮᠳᠠ ︽ᠭᠤᠷᠪᠠ ᠦᠢᠯᠡᠴᠢᠯᠡᠬᠦ︾

ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ

ᠳᠠᠪᠰᠢᠨ ᠣᠷᠣᠬᠤ ᠬᠠᠷᠠᠯᠲᠠ ᠶᠢ ᠪᠡᠶᠡᠯᠡᠭᠦᠯᠬᠦ ᠳᠤᠮᠳᠠ ᠬᠠᠮᠤᠭ ᠤᠨ ᠡᠮᠦᠨ᠎ᠡ ᠡᠩᠨᠡᠭᠡᠨ ᠳᠤ ᠶᠠᠪᠤᠵᠤ᠂ ︽ᠬᠤᠰᠢᠭᠤᠴᠢ︾ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ