ᠪᠠᠶᠠᠠᠴᠢᠠᠲᠠᠮᠤᠨᠢ ᠰᠤᠮᠤ ᠨᠠᠮ ᠤᠨ ᠪᠠᠶᠢᠭᠤᠯᠤᠯᠲᠠ ᠶᠢᠨ ᠭᠤᠣᠯ ᠰᠡᠳᠦᠪᠲᠦ ᠰᠠᠷ᠎ᠠ ᠳᠤ  ᠨᠠᠮ ᠤᠨ ᠬᠡᠰᠢᠬᠦᠳ ᠬᠤᠪᠢ ᠬᠤᠷᠠᠮᠳᠤᠭᠤᠯᠬᠤ  ᠲᠦᠷᠢᠮ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠮᠢᠵᠢᠷᠠᠯ ᠤᠨ ᠬᠦᠴᠦᠨ ᠢ  ᠨᠡᠮᠡᠭᠳᠠᠬᠦᠯᠪᠠ
ᠨᠡᠶᠢᠲᠡᠯᠡᠭᠰᠡᠨ ᠴᠠᠭ᠄
2023/10/13

         ᠬᠤᠪᠢ ᠬᠤᠷᠠᠮᠳᠤᠭᠤᠯᠬᠤ ᠳᠦᠷᠢᠮ ᠤᠨ ᠵᠣᠷᠢᠭᠵᠢᠭᠤᠯᠤᠯ ᠳᠣᠣᠷ᠎ᠠ᠂ ᠪᠠᠶᠠᠠᠴᠢᠠᠲᠠᠮᠤᠨᠢ ᠰᠤᠮᠤᠨ ᠤ   ᠦᠯᠵᠡᠶᠢᠲᠤ ᠭᠠᠴᠠᠭᠠᠨ ᠤ ᠨᠠᠮ ᠤᠨ ᠭᠡᠰᠢᠭᠦᠨ᠂

ᠮᠠᠯᠴᠢᠨ ᠲᠦᠮᠡᠨ ᠤ ᠦᠵᠡᠯ ᠤᠬᠠᠮᠰᠠᠷ ᠶᠡᠭᠡ ᠪᠠᠷ ᠴᠢᠩᠭᠠᠷᠠᠵᠤ᠂ ᠥᠩᠭᠡᠷᠡᠭᠰᠡᠨ ᠳᠤ ᠭᠠᠴᠠᠭᠠᠨ ᠤ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ 

ᠤᠷᠤᠯᠴᠠᠬᠤ ᠢᠳᠡᠪᠬᠢᠵᠢᠯ ᠦᠬᠡᠢ ᠪᠠᠶᠢᠭᠰᠠᠨ ᠠᠴᠠ ᠪᠠᠨ ᠤᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠪᠣᠯᠵᠤ᠂ ᠬᠠᠮᠲᠤ ᠶᠢᠨ ᠬᠡᠷᠡᠭ ᠶᠠᠪᠤᠳᠠᠯ ᠪᠣᠯᠣᠨ ᠰᠠᠶᠢᠨ

ᠳᠤᠷ᠎ᠠ ᠶᠢᠨ ᠠᠵᠢᠯᠯᠠᠭ᠎ᠠ ᠳᠤ ᠮᠠᠰᠢ ᠤᠯᠠᠨ ᠨᠠᠮ ᠤᠨ ᠭᠡᠰᠢᠭᠦᠨ᠂ ᠮᠠᠯᠴᠢᠨ ᠲᠦᠮᠡᠨ ᠤ  ᠤᠷᠤᠯᠴᠠᠭᠰᠠᠨ ᠪᠠᠶᠢᠨ᠎ᠠ᠃

        ᠥᠯᠵᠡᠶᠢᠲᠦ ᠭᠠᠴᠠᠭᠠᠨ ᠤ ᠨᠠᠮ ᠤᠨ ᠭᠡᠰᠢᠭᠦᠨ ᠴᠢ ᠯᠦᠩ ᠪᠣᠯ   ᠰᠠᠶᠢᠨ ᠲᠤᠷᠠᠴᠤᠳ ᠤᠨ ᠨᠢᠬᠡ ᠨᠢ ᠮᠦᠨ᠂ ᠡᠩ ᠤᠨ ᠦᠶ᠎ᠡ ᠳᠤ ᠬᠥᠷᠰᠢ

ᠵᠡᠷᠭᠡᠯᠡᠳᠡᠭᠡ ᠶᠢᠨ ᠢᠶᠠᠨ ᠬᠤᠨᠢ ᠬᠠᠶᠢᠴᠢᠯᠠᠬᠤ᠂ ᠬᠤᠨᠢ ᠬᠠᠷᠢᠭᠤᠯᠬᠤ ᠳᠤᠨᠢ ᠰᠠᠨᠠᠭᠠᠴᠢᠯᠠᠭ᠎ᠠ  ᠠᠴᠠ ᠪᠠᠨ  ᠬᠠᠪᠰᠤᠷᠳᠠᠭ᠃ ᠭᠠᠴᠠᠭᠠᠨ ᠤ  ᠬᠡᠨ ᠴᠦ ᠭᠡᠳ ᠶᠠᠮᠠᠷ

ᠤᠴᠢᠷ ᠲᠠᠢ ᠪᠣᠯ ᠠᠬᠠᠮᠠᠳ ᠨᠠᠮ ᠤᠨ ᠭᠡᠰᠢᠭᠦᠨ ᠴᠢ ᠯᠦᠩ ᠢ ᠡᠷᠢᠵᠦ ᠬᠠᠪᠰᠤᠷᠤᠨ ᠰᠢᠢᠳᠪᠦᠷᠢᠯᠡᠭᠦᠯᠬᠦ ᠶᠢ ᠪᠤᠳᠤᠳᠠᠭ᠃ ᠡᠶᠢᠮᠦ ᠠᠴᠠ ᠴᠢ ᠯᠦᠩ ᠪᠣᠯ ᠥᠯᠵᠡᠶᠢᠲᠦ

ᠭᠠᠴᠠᠭᠠᠨ ᠤ ᠨᠠᠮ ᠤᠨ ᠭᠡᠰᠢᠭᠦᠨ ᠤ ︽ᠬᠤᠪᠢ ᠬᠤᠷᠠᠮᠳᠤᠭᠤᠯᠬᠤ ᠬᠡᠳᠦ ᠳᠡᠯᠭᠡᠭᠦᠷ︾ ᠤᠨ ᠳᠣᠲᠣᠷᠠᠬᠢ ᠬᠤᠪᠢ  ᠪᠠᠷ ᠬᠠᠮᠤᠭ ᠤᠨ ᠥᠨᠳᠥᠷ ᠨᠢᠭᠡ ᠨᠢ ᠪᠣᠯᠣᠨ᠎ᠠ᠂

ᠱᠠᠩᠨᠠᠯ ᠤᠨ ᠪᠤᠲᠠᠰ ᠰᠣᠯᠢᠬᠤ ᠡᠳᠦᠷ ᠲᠤ ᠲᠡᠷᠡ 1160 ᠬᠤᠪᠢ  ᠪᠠᠷ ᠨᠢᠭᠡ ᠴᠠᠬᠢᠯᠭᠠᠨ  ᠢᠶᠠᠷ ᠪᠣᠣᠪᠤ ᠬᠢᠳᠡᠭ ᠮᠠᠰᠢᠨ ᠢ ᠰᠣᠯᠢᠵᠤ  ᠠᠪᠤᠭᠰᠠᠨ ᠳᠤ  ᠲᠡᠷᠨ

ᠲᠤᠶᠢᠯ ᠢᠶᠠᠷ ᠪᠠᠶᠠᠷᠯᠠᠵᠠᠢ᠃

 ᠨᠠᠮ ᠤᠨ ᠭᠡᠰᠢᠭᠦᠨ᠂ ᠮᠠᠯᠴᠢᠳ ᠬᠤᠪᠢ ᠬᠤᠷᠠᠮᠳᠤᠭᠤᠯᠵᠤ᠂ ᠭᠠᠴᠠᠭᠠᠨ ᠤ ᠪᠦᠲᠦᠭᠡᠨ ᠪᠠᠶᠢᠭᠤᠯᠤᠯᠲᠠ ᠶᠢᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠬᠤᠪᠢ

ᠬᠤᠷᠠᠮᠳᠤᠭᠤᠯᠵᠤ ᠦᠶᠯᠡ ᠠᠵᠢᠯᠯᠠᠭ᠎ᠠ ᠪᠠᠨ ᠵᠢᠷᠤᠮᠵᠢᠭᠤᠯᠤᠨ᠂ ᠦᠶᠯᠡ ᠠᠵᠢᠯᠯᠠᠭ᠎ᠠ ᠪᠠᠷ ᠢᠶᠠᠨ ᠢᠳᠡᠪᠬᠢ ᠬᠦᠴᠦᠨ ᠢ  ᠲᠠᠮᠵᠢᠭᠤᠯᠵᠦ ᠬᠠᠮᠳᠤ ᠪᠠᠷ  ᠢᠶᠠᠨ ᠦᠷ᠎ᠡ

ᠪᠦᠲᠦᠭᠡᠯ ᠢ ᠭᠥᠷᠳᠡᠵᠦ ᠪᠠᠶᠢᠨ᠎ᠠ᠃

        ᠥᠯᠵᠡᠶᠢᠲᠦ ᠭᠠᠴᠠᠭ᠎ᠠ ᠨᠢ ᠪᠥᠬᠦ ᠬᠤᠰᠢᠭᠤᠨ ᠤ ᠬᠤᠪᠢ ᠬᠤᠷᠠᠮᠳᠤᠭᠤᠯᠬᠤ ᠳᠦᠷᠢᠮ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ

ᠪᠣᠯᠤᠭᠰᠠᠨ ᠤ ᠬᠤᠪᠢ ᠳᠤ᠂ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠳᠦᠷᠢᠮ ᠢ ᠤᠷᠢᠳᠠᠪᠠᠷ ᠢᠳᠡᠪᠬᠢᠲᠡᠢ ᠰᠦᠪᠡᠭᠴᠢᠯᠡᠨ  ᠭᠡᠷᠡᠭᠵᠢᠬᠦᠯᠵᠤ᠂ ᠨᠠᠮ ᠤᠨ

ᠭᠡᠰᠢᠭᠦᠨ ᠤ ︽ᠪᠦᠬᠦ ᠬᠡᠯᠬᠢᠶ᠎ᠡ︾ ᠶᠢᠨ ᠬᠠᠮᠢᠶᠠᠷᠤᠯᠲᠠ ᠶᠢᠨ ᠲᠣᠭᠲᠠᠴᠠ  ᠪᠠᠷ ᠰᠠᠭᠤᠷᠢ ᠪᠣᠯᠭᠠᠵᠤ᠂ ᠨᠠᠮ ᠤᠨ ᠭᠡᠰᠢᠭᠦᠨ ᠤ ᠣᠳᠣᠨ ᠳᠡᠰ ᠤᠨ ᠬᠠᠮᠢᠶᠠᠷᠤᠯᠲᠠ ᠶᠢᠨ

ᠬᠤᠪᠢ ᠲᠣᠭᠲᠠᠭᠠᠬᠤ  ᠪᠠᠷ ᠦᠨᠳᠦᠰᠦᠯᠡᠯ ᠪᠤᠯᠭᠠᠨ᠂ ᠨᠠᠮ ᠤᠨ ᠭᠡᠰᠢᠭᠦᠨ ᠤ ︽ᠰᠤᠷᠤᠯᠴᠠᠬᠤ ᠪᠠ  ᠤᠶᠢᠯᠡᠲᠤᠯᠭᠡ ᠶᠢ ᠬᠠᠷᠢᠯᠴᠠᠨ ᠠᠬᠢᠭᠤᠯᠬᠤ︾ ᠬᠢᠨᠠᠨ

ᠰᠢᠯᠭᠠᠯᠲᠠ ᠶᠢᠨ ᠳᠤᠲᠠᠭᠤᠳᠠᠯ ᠢ ᠨᠥᠬᠦᠪᠦᠷᠢᠯᠡᠬᠦ ᠪᠠᠷ ᠦᠨᠳᠦᠰᠦ ᠪᠣᠯᠭᠠᠵᠤ᠂ ︽ᠨᠠᠮ ᠤᠨ ᠡᠭᠦᠷ ᠠᠴᠠ ᠬᠡᠳᠦ ᠳᠡᠯᠭᠡᠭᠦᠷ ᠨᠡᠭᠡᠭᠡᠵᠦ᠂ ᠨᠠᠮ ᠤᠨ ᠭᠡᠰᠢᠭᠦᠨ ᠳᠤ

ᠬᠤᠪᠢ ᠬᠤᠷᠠᠮᠳᠤᠭᠤᠯᠬᠤ︾ ᠪᠠᠷ ᠭᠤᠣᠯ ᠠᠭᠤᠯᠭ᠎ᠠ ᠪᠣᠯᠭᠠᠵᠤ᠂ ᠰᠠᠭᠤᠷᠢ ᠬᠤᠪᠢ ᠣᠯᠬᠤ  ᠶᠢ ᠳᠡᠭᠡᠭᠰᠢᠯᠡᠭᠦᠯᠬᠦ᠂ ᠬᠤᠪᠢ ᠣᠯᠬᠤ  ᠶᠢ ᠵᠣᠷᠢᠭᠵᠢᠭᠤᠯᠬᠤ ᠭᠤᠷᠪᠠᠨ

ᠶᠡᠭᠡ ᠲᠥᠷᠥᠯ ᠵᠦᠢᠯ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠣᠷᠣᠯᠴᠠᠬᠤ᠂ ᠵᠢᠱᠢᠶᠡᠴᠢ ᠪᠠᠷ ᠳᠠᠭᠠᠭᠤᠯᠬᠤ

ᠦᠢᠯᠡᠳᠦᠯ ᠢ ᠪᠠᠳᠠᠷᠠᠭᠤᠯᠬᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠥᠷᠨᠢᠭᠦᠯᠬᠦ᠂ ᠠᠯᠪᠠᠨ ᠵᠢᠷᠤᠮ ᠤᠨ ᠬᠥᠳᠡᠯᠮᠦᠷᠢ ᠬᠢᠬᠦ ᠵᠡᠷᠭᠡ ᠵᠦᠢᠯᠡᠰ ᠢ ᠪᠦᠬᠦᠨ ᠢ

ᠪᠣᠳᠠᠲᠠᠢ ᠬᠤᠷᠠᠮᠳᠤᠯ ᠬᠤᠪᠢ ᠪᠣᠯᠭᠠᠨ ᠬᠡᠮᠵᠢᠶᠡᠯᠡᠵᠦ᠂ ᠬᠤᠷᠠᠮᠳᠤᠯ ᠬᠤᠪᠢ ᠪᠠᠷ ᠪᠣᠳᠠᠲᠤ  ᠪᠤᠲᠡᠰ ᠰᠣᠯᠢᠬᠤ ᠬᠡᠯᠪᠡᠷᠢ ᠪᠠᠷ ᠦᠨᠳᠦᠰᠦᠨ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠰᠢᠨ᠎ᠡ  ᠪᠠᠷ ᠡᠭᠦᠳᠦᠨ ᠬᠥᠭᠵᠢᠭᠡᠵᠦ ᠪᠠᠶᠢᠨ᠎ᠠ ᠃

        ᠣᠲᠣ ᠶᠢᠨ ᠥᠯᠵᠡᠶᠢᠲᠦ ᠭᠠᠴᠠᠭ᠎ᠠ ᠶᠢᠨ ᠣᠷᠴᠢᠨ ᠲᠣᠭᠤᠷᠢᠨ ᠭᠤᠶᠣ ᠰᠠᠶᠢᠬᠠᠨ ᠪᠣᠯᠵᠤ᠂ ᠠᠶᠢᠯ ᠰᠠᠭᠠᠬᠠᠯᠲᠠ ᠶᠢᠨ ᠵᠥᠷᠢᠴᠡᠯ ᠵᠢᠭᠤᠷᠠᠯᠳᠤᠭᠠᠨ ᠵᠡᠷᠭᠡ

ᠦᠵᠡᠭᠳᠡᠯ  ᠴᠦ ᠢᠯᠡᠳᠲᠡ ᠴᠥᠭᠡᠷᠡᠵᠦ᠂ ᠮᠠᠯᠴᠢᠨ ᠲᠦᠮᠡᠨ  ᠲᠡᠷᠢᠭᠦᠨ ᠤ ᠬᠢ ᠲᠠᠢ ᠠᠳᠠᠯᠢᠳᠬᠠᠬᠤ᠂ ᠬᠤᠪᠢ ᠬᠤᠷᠠᠮᠳᠤᠭᠤᠯᠬᠤ᠂ ᠬᠤᠪᠢ ᠨᠡᠮᠡᠷᠢ ᠦᠵᠡᠭᠦᠯᠬᠦ 

ᠤᠬᠠᠮᠰᠠᠷ ᠲᠡᠬᠡᠭᠰᠢᠯᠠᠵᠤ᠂ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠠᠯᠬᠤᠮ ᠠᠯᠬᠤᠮ ᠢᠶᠠᠷ ᠠᠵᠢᠯᠯᠠᠭᠠᠨ ᠤ ᠤᠬᠠᠮᠰᠠᠷ ᠪᠣᠯᠭᠠᠨ

ᠬᠤᠪᠢᠷᠠᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠶ  ᠪᠤᠯᠭᠠᠵᠤ

ᠪᠠᠶᠢᠨ᠎ᠠ᠃

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ