ᠤᠷᠠᠳ ᠤᠨ ᠬᠤᠶᠢᠲᠤ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵2021 — 2025 ᠣᠨ︶ ᠶᠢ ᠨᠡᠶᠢᠲᠡᠯᠡᠨ ᠬᠡᠷᠡᠭᠵᠢᠭᠦᠯᠬᠦ ᠲᠤᠬᠠᠢ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/10/16

 

ᠡᠯ᠎ᠡ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠡᠯ᠎ᠡ ᠨᠢᠭᠡᠴᠡ ᠳᠤ᠄

      ︽ᠤᠷᠠᠳ ᠤᠨ ᠬᠤᠶᠢᠲᠤ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵2021 — 2025 ᠣᠨ

︶︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠢᠭᠡᠨᠲᠡ

ᠬᠠᠷᠢᠭᠤ ᠵᠠᠬᠢᠳᠠᠯ ᠢᠯᠡᠭᠡᠪᠡ᠃ ︽ᠤᠷᠠᠳ ᠤᠨ ᠬᠤᠶᠢᠲᠤ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵

2021 ︱᡺ 2025 ᠣᠨ︶︾ ᠶᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ᠂

ᠬᠤᠰᠢᠭᠤ ᠰᠢᠶᠠᠨ ᠤ ᠱᠠᠲᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ

ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ

ᠲᠢᠩᠬᠢᠮ ᠤᠨ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 38 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ

ᠦᠨᠳᠦᠰᠦᠯᠡᠨ᠂ ᠬᠤᠰᠢᠭᠤᠨ ᠵᠠᠰᠠᠭ ᠤᠨ ᠣᠷᠳᠣᠨ ᠰᠤᠳᠤᠯᠤᠭᠠᠳ ᠨᠡᠶᠢᠲᠡᠯᠡᠬᠦ ᠪᠠᠷ ᠲᠣᠭᠲᠠᠪᠠ᠂ ᠡᠳᠦᠭᠡ ︽ᠲᠥᠯᠦᠪᠵᠢᠭᠦᠯᠭᠡ︾ ᠶᠢ ᠬᠡᠷᠡᠭᠵᠢᠭᠦᠯᠬᠦ ᠬᠤᠯᠪᠣᠭᠳᠠᠯ

ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄

      ᠨᠢᠭᠡ᠂ ︽ᠲᠥᠯᠦᠪᠵᠢᠭᠦᠯᠭᠡ︾ ᠶᠢ ᠬᠡᠷᠡᠭᠵᠢᠭᠦᠯᠬᠦ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠮᠢ ᠠᠬᠤᠢ ᠶᠢ ᠲᠡᠷᠢᠭᠦᠨ ᠳᠤ

ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ

ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ᠂ ᠠᠮᠢ ᠠᠬᠤᠢ ᠶᠢᠨ ᠣᠷᠴᠢᠨ ᠲᠣᠭᠤᠷᠢᠨ ᠤ ︽ᠭᠤᠷᠪᠠᠨ ᠱᠤᠭᠤᠮ ᠨᠢᠭᠡ

ᠬᠠᠭᠤᠳᠠᠰᠤ︾ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ

ᠬᠢᠭᠡᠳ ᠵᠠᠰᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠭᠤᠷᠬᠠᠢ ᠶᠢᠨ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ

ᠬᠤᠪᠢᠷᠠᠭᠤᠯᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠷᠪᠢᠲᠠᠢ᠂ ᠥᠨᠳᠥᠷ ᠪᠦᠲᠦᠮᠵᠢᠲᠡᠶ᠂ ᠪᠣᠬᠢᠷᠲᠤᠯ ᠦᠭᠡᠢ᠂ ᠦᠷᠭᠦᠯᠵᠢᠯᠡᠨ

ᠬᠥᠭᠵᠢᠬᠦ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃

      ᠬᠤᠶᠠᠷ᠂ ︽ᠲᠥᠯᠦᠪᠵᠢᠭᠦᠯᠭᠡ︾ ᠳᠤ ᠲᠣᠭᠲᠠᠭᠠᠭᠰᠠᠨ ᠬᠠᠷᠠᠯᠲᠠ ᠪᠠ ᠡᠭᠦᠷᠭᠡ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠠᠭᠤᠷᠬᠠᠢ ᠶᠢᠨ

ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢᠨ ᠬᠢᠨᠠᠯᠲᠠ ᠬᠠᠮᠢᠶᠠᠷᠤᠯᠲᠠ᠂ ︽ᠲᠥᠯᠦᠪᠵᠢᠭᠦᠯᠭᠡ︾ ᠶᠢᠨ ᠵᠢᠯᠤᠭᠤᠳᠬᠤ ᠪᠠ

ᠬᠠᠮᠢᠶᠠᠷᠤᠨ ᠡᠵᠡᠮᠳᠡᠬᠦ ᠦᠢᠯᠡᠳᠦᠯ ᠢ ᠦᠨᠡᠨᠬᠦ ᠪᠠᠳᠠᠷᠠᠭᠤᠯᠵᠤ᠂ ᠵᠥᠪᠰᠢᠶᠡᠷᠡᠨ ᠣᠷᠣᠭᠤᠯᠬᠤ ᠳᠦᠷᠢᠮ ᠢ ᠴᠢᠩᠳᠠᠯᠠᠵᠤ᠂ ᠠᠭᠤᠷᠬᠠᠢ ᠶᠢᠨ ᠭᠠᠷᠤᠯᠲᠠ ᠶᠢᠨ ᠡᠬᠢ

ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠰᠠᠶᠢᠨ ᠰᠠᠶᠢᠬᠠᠨ ᠡᠮᠬᠢ ᠳᠢᠭᠯᠢᠮ ᠢ ᠵᠢᠷᠤᠮᠵᠢᠭᠤᠯᠤᠨ ᠪᠠᠶᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ

ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠳᠤ ᠠᠵᠤ ᠠᠬᠤᠢ᠂ ᠨᠡᠶᠢᠭᠡᠮ᠂ ᠠᠮᠢ ᠠᠬᠤᠢ ᠵᠡᠷᠭᠡ ᠡᠯ᠎ᠡ ᠲᠠᠯ᠎ᠠ ᠶᠢᠨ ᠬᠦᠴᠦᠨ

ᠵᠦᠢᠯ ᠢ ᠨᠢᠭᠡᠳᠦᠯᠲᠡᠢ ᠲᠥᠯᠥᠪᠯᠡᠬᠦ ᠶᠢᠨ ᠬᠠᠮᠲᠤ ᠠᠮᠢ ᠠᠬᠤᠢ ᠶᠢᠨ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠳᠤ ᠨᠤᠲᠠᠯᠠᠯᠲᠠ ᠬᠢᠵᠦ᠂ ᠨᠤᠲᠠᠯᠠᠯᠲᠠ ᠶᠢ

ᠪᠠᠲᠤᠯᠠᠭᠰᠠᠨ ᠤ ᠳᠠᠷᠠᠭ᠎ᠠ ᠰᠠᠶ᠋ᠢ ᠰᠢᠨ᠎ᠡ ᠪᠠᠷ ᠪᠠᠶᠢᠭᠤᠯᠵᠤ ᠪᠣᠯᠣᠨ᠎ᠠ᠃

      ᠭᠤᠷᠪᠠ᠂ ︽ᠲᠥᠯᠦᠪᠵᠢᠭᠦᠯᠭᠡ︾ ᠪᠣᠯ ᠮᠠᠨ ᠤ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ

ᠠᠰᠢᠭᠯᠠᠬᠤ ᠪᠠ ᠬᠠᠮᠠᠭᠠᠯᠠᠬᠤ ᠶᠢᠨ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠮᠥᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ

ᠪᠠ ᠨᠡᠭᠡᠭᠡᠨ ᠠᠰᠢᠭᠯᠠᠬᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢᠨ ᠴᠢᠬᠤᠯᠠ ᠦᠨᠳᠦᠰᠦᠯᠡᠯ ᠮᠥᠨ᠂ ᠡᠯ᠎ᠡ ᠰᠤᠮᠤ ︵

ᠪᠠᠯᠭᠠᠰᠤ᠂ ᠲᠠᠯᠠᠪᠠᠶ︶ ᠨᠤᠭᠤᠳ ︽ᠲᠥᠯᠦᠪᠵᠢᠭᠦᠯᠭᠡ︾ ᠶᠢ ᠦᠨᠳᠦᠰᠦᠯᠡᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ

ᠠᠰᠢᠭᠯᠠᠬᠤ ᠪᠠ ᠬᠠᠮᠠᠭᠠᠯᠠᠬᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠬᠡᠷᠡᠭᠲᠡᠢ᠃ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ

ᠪᠣᠳᠣᠯᠭ᠎ᠠ ᠪᠠ ︽ᠬᠠᠮᠠᠭᠠᠯᠠᠬᠤ ᠶᠢᠨ ᠳᠤᠮᠳᠠ ᠨᠡᠭᠡᠭᠡᠨ ᠬᠥᠭᠵᠢᠭᠦᠯᠵᠦ᠂ ᠨᠡᠭᠡᠭᠡᠨ ᠠᠰᠢᠭᠯᠠᠬᠤ ᠶᠢᠨ ᠳᠤᠮᠳᠠ ᠬᠠᠮᠠᠭᠠᠯᠠᠬᠤ︾ ᠴᠢᠭᠯᠡᠯᠲᠡ ᠶᠢ ᠪᠠᠷᠢᠮᠲᠠᠯᠠᠵᠤ᠂ ᠵᠠᠰᠠᠭ ᠤᠨ

ᠣᠷᠳᠣᠨ ᠠᠴᠠ ᠲᠣᠬᠢᠷᠠᠭᠤᠯᠤᠨ ᠡᠵᠡᠮᠳᠡᠬᠦ ᠪᠠ ᠵᠠᠬ᠎ᠠ ᠳᠡᠯᠭᠡᠭᠦᠷ ᠤᠨ ᠠᠵᠤ ᠠᠬᠤᠢ ᠶᠢ ᠤᠶᠠᠯᠳᠤᠭᠤᠯᠤᠭᠰᠠᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ

ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠬᠢᠭᠡᠳ ᠠᠰᠢᠭᠯᠠᠬᠤ ᠠᠷᠭ᠎ᠠ ᠮᠠᠶ᠋ᠢᠭ ᠤᠨ ᠦᠨᠳᠦᠰᠦᠨ ᠬᠤᠪᠢᠷᠠᠯᠲᠠ ᠶᠢ

ᠳᠡᠯᠭᠡᠷᠡᠭᠦᠯᠵᠦ᠂ ᠮᠠᠨ ᠤ ᠰᠢᠶᠠᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠶᠢᠨ ᠣᠷᠴᠢᠨ ᠨᠥᠬᠦᠴᠡᠯ ᠤᠨ

ᠬᠠᠮᠠᠭᠠᠯᠠᠯᠲᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃

      ᠳᠥᠷᠪᠡ᠂ ︽ᠲᠥᠯᠦᠪᠵᠢᠭᠦᠯᠭᠡ︾ ᠶᠢᠨ ᠬᠠᠷᠠᠯᠲᠠ ᠪᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠲᠥᠯᠦᠪᠵᠢᠭᠦᠯᠭᠡ︾ ᠶᠢᠨ

ᠬᠠᠷᠠᠯᠲᠠ ᠪᠠ ᠭᠤᠣᠯ ᠡᠭᠦᠷᠭᠡ ᠶᠢᠨ ᠭᠦᠢᠴᠡᠳᠬᠡᠯ ᠲᠤᠭ᠎ᠠ ᠶᠢ ᠮᠠᠨ ᠤ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ

ᠲᠥᠯᠦᠪᠵᠢᠭᠦᠯᠭᠡ ᠳᠤ ᠣᠷᠣᠭᠤᠯᠬᠤ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠢ᠃ᠡᠯ᠎ᠡ ᠰᠤᠮᠤ ︵ᠪᠠᠯᠭᠠᠰᠤ᠂ ᠲᠠᠯᠠᠪᠠᠶ︶ ᠪᠣᠯᠣᠨ ᠡᠯ᠎ᠡ ᠨᠢᠭᠡᠴᠡ ᠨᠦᠭᠦᠳ

ᠨᠠᠶᠢᠳᠠᠪᠤᠷᠢᠵᠢᠭᠤᠯᠤᠯᠲᠠ ᠶᠢ ᠬᠢᠨᠠᠮᠠᠭᠠᠢ ᠰᠠᠶᠢᠲᠤᠷ ᠠᠳᠬᠤᠵᠤ᠂ ︽ᠲᠥᠯᠦᠪᠵᠢᠭᠦᠯᠭᠡ︾ ᠶᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ

ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠠᠮᠢᠶᠠᠷᠤᠯᠲᠠ ᠪᠠᠨ ᠴᠢᠩᠭᠠᠳᠬᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠬᠦ

ᠬᠡᠷᠡᠭᠲᠡᠢ᠃ ︽ᠲᠥᠯᠦᠪᠵᠢᠭᠦᠯᠭᠡ︾ ᠶᠢᠨ ᠱᠠᠭᠠᠷᠳᠠᠯᠭ᠎ᠠ ᠶᠣᠰᠣᠭᠠᠷ ᠠᠭᠤᠷᠬᠠᠢ ᠶᠢᠨ ᠲᠤᠭ᠎ᠠ ᠬᠡᠮᠵᠢᠶ᠎ᠡ ᠶᠢ ᠡᠮᠬᠢᠯᠡᠨ ᠨᠡᠶᠢᠯᠡᠭᠦᠯᠵᠦ᠂ ᠲᠣᠬᠢᠷᠠᠭᠤᠯᠤᠨ ᠬᠠᠰᠤᠬᠤ

ᠬᠡᠷᠡᠭᠲᠡᠢ᠃

      ᠲᠠᠪᠤ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ  ᠢ ᠦᠨᠡᠨᠬᠦ ᠬᠠᠮᠠᠭᠠᠯᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ

ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ︽ᠬᠡᠨ ᠨᠡᠭᠡᠭᠡᠨ ᠠᠰᠢᠭᠯᠠᠪᠠᠯ ᠬᠡᠨ ᠬᠠᠮᠠᠭᠠᠯᠠᠬᠤ᠂ ᠬᠡᠨ ᠪᠣᠬᠢᠷᠲᠤᠭᠤᠯᠪᠠᠯ ᠬᠡᠨ ᠵᠠᠰᠠᠬᠤ᠂ ᠬᠡᠨ

ᠡᠪᠳᠡᠪᠡᠯ ᠬᠡᠨ ᠰᠡᠷᠭᠦᠭᠡᠬᠦ︾ ᠵᠠᠷᠴᠢᠮ ᠶᠣᠰᠣᠭᠠᠷ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃

ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠰᠠᠭᠤᠷᠢ ᠮᠥᠩᠭᠦ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠭᠤᠷᠬᠠᠢ ᠶᠢᠨ ᠡᠷᠬᠡᠲᠦ ᠬᠥᠮᠥᠨ ᠤ ᠠᠭᠤᠷᠬᠠᠢ ᠶᠢᠨ

ᠣᠷᠴᠢᠨ ᠲᠣᠭᠤᠷᠢᠨ ᠢ ᠰᠡᠷᠭᠦᠭᠡᠬᠦ ᠪᠠ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠡᠭᠦᠷᠭᠡ ᠪᠠᠨ ᠭᠦᠢᠴᠡᠳᠬᠡᠬᠦ ᠶᠢ ᠰᠢᠮᠳᠠᠭᠤᠯᠤᠨ᠎ᠠ᠃

      ᠵᠢᠷᠭᠤᠭ᠎ᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠯᠲᠠ ᠪᠠ ᠬᠢᠨᠠᠯᠲᠠ ᠶᠢᠨ ᠠᠵᠢᠯ ᠢ ᠦᠨᠡᠨ ᠬᠦ

ᠴᠢᠩᠭᠠᠳᠬᠠᠬᠤ ᠬᠡᠷᠡᠭᠲᠡᠢ᠃ ︽ᠲᠥᠯᠦᠪᠵᠢᠭᠦᠯᠭᠡ︾ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ︽ᠲᠥᠯᠦᠪᠵᠢᠭᠦᠯᠭᠡ︾ ᠶᠢ

ᠬᠡᠷᠡᠭᠵᠢᠭᠦᠯᠬᠦ ᠶᠠᠪᠤᠴᠠ ᠳᠤ ᠭᠠᠷᠤᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ

ᠲᠣᠪᠴᠢᠶ᠎ᠠ ᠪᠣᠯ ︽ᠲᠥᠯᠦᠪᠵᠢᠭᠦᠯᠭᠡ︾ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠰᠠᠯᠠᠭ᠎ᠠ ᠮᠥᠴᠢᠷ ᠮᠥᠨ᠂ ︽ᠲᠥᠯᠦᠪᠵᠢᠭᠦᠯᠭᠡ︾ ᠶᠢ ᠬᠡᠷᠡᠭᠵᠢᠭᠦᠯᠬᠦ ᠶᠢ

ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠬᠡᠷᠡᠭᠲᠡᠢ᠃ ᠥᠷᠭᠡᠨ ᠢᠶᠠᠷ

ᠤᠬᠠᠭᠤᠯᠵᠤ᠂ ︽ᠲᠥᠯᠦᠪᠵᠢᠭᠦᠯᠭᠡ︾ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠲᠠᠯᠪᠢᠬᠤ ᠨᠡᠶᠢᠭᠡᠮ ᠤᠨ ᠬᠢᠨᠠᠯᠲᠠ ᠶᠢ ᠬᠦᠯᠢᠶᠡᠵᠦ᠂ ︽ᠲᠥᠯᠦᠪᠵᠢᠭᠦᠯᠭᠡ︾ ᠠᠴᠠ

ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ

ᠴᠠᠭᠠᠵᠠ ᠬᠠᠤᠯᠢ ᠲᠣᠭᠲᠠᠭᠠᠯ ᠪᠠ ︽ᠲᠥᠯᠦᠪᠵᠢᠭᠦᠯᠭᠡ︾ ᠶᠢ ᠵᠥᠷᠢᠴᠡᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠨᠡᠭᠡᠭᠡᠨ

ᠮᠠᠯᠲᠠᠭᠰᠠᠨ ᠪᠤᠶᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠪᠳᠡᠭᠰᠡᠨ ᠨᠢᠭᠡᠴᠢ ᠪᠠ ᠬᠤᠪᠢ ᠬᠥᠮᠥᠨ ᠢ ᠬᠠᠤᠯᠢ ᠶᠣᠰᠣᠭᠠᠷ ᠡᠷᠡᠰ ᠪᠠᠶᠢᠴᠠᠭᠠᠨ

ᠰᠢᠢᠳᠪᠦᠷᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠡᠷᠡᠭᠦᠦ ᠶᠢᠨ

ᠬᠠᠷᠢᠭᠤᠴᠠᠯᠭ᠎ᠠ ᠨᠡᠬᠡᠮᠵᠢᠯᠡᠭᠦᠯᠦᠨ᠎ᠡ᠃

 

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ