ᠪᠥᠬᠦ ᠬᠤᠲᠠ ᠶᠢᠨ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠷᠤᠯᠳᠤᠭᠠᠨ ᠤ ᠲᠠᠶᠢᠰᠠᠨ ᠤ ᠮᠥᠷᠥᠶᠢᠴᠡᠭᠡᠨ︾ ᠲᠤᠬᠠᠢ ᠶᠢᠨ ᠲᠠᠯᠠᠪᠠᠶ ᠶᠢᠨ ᠲᠣᠭᠤᠷᠢᠨ ᠦᠵᠡᠵᠦ ᠰᠢᠯᠭᠠᠨ ᠦᠨᠡᠯᠡᠬᠦ ᠳᠤᠭᠤᠶᠢᠯᠠᠩ ᠮᠠᠨ ᠤ ᠬᠤᠰᠢᠭᠤᠨ ᠳᠤ ᠬᠦᠷᠴᠦ ᠰᠢᠯᠭᠠᠨ ᠦᠨᠡᠯᠠᠪᠠ
ᠨᠡᠶᠢᠲᠡᠯᠡᠭᠰᠡᠨ ᠴᠠᠭ᠄
2023/10/17

         ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ

ᠤᠯᠠᠮ ᠨᠢᠭᠡ ᠠᠯᠬᠤᠮ ᠴᠢᠩᠭᠠᠳᠬᠠᠵᠤ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠠᠶᠢᠴᠢᠯᠡᠵᠤ᠂ ᠰᠤᠮᠤ ᠰᠢᠶᠠᠩ ᠪᠠᠯᠭᠠᠰᠤᠨ ᠤ ᠨᠠᠮ ᠤᠨ

ᠬᠤᠷᠢᠶ᠎ᠠ ᠶᠢᠨ ᠱᠦᠵᠢ ᠶᠢᠨ ᠡᠭᠦᠷᠭᠡᠯᠡᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠶᠢ ᠵᠣᠷᠢᠭᠵᠢᠭᠤᠯᠬᠤ ᠶᠢᠨ ᠲᠥᠯᠥᠭᠡ᠂ ᠤᠶᠢᠷ᠎ᠠ ᠶᠢᠨ

ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠲᠦᠷᠦᠭᠦᠯᠡᠨ ᠵᠣᠬᠢᠶᠠᠨ ᠪᠠᠶᠢᠭᠤᠯᠤᠭᠰᠠᠨ ᠪᠥᠬᠦ ᠬᠤᠲᠠ ᠶᠢᠨ ᠰᠤᠮᠤ ᠰᠢᠶᠠᠩ

ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠷᠤᠯᠳᠤᠭᠠᠨ ᠤ ᠲᠠᠶᠢᠰᠠᠨ ᠤ ᠮᠥᠷᠥᠶᠢᠴᠡᠭᠡᠨ︾ ᠤ

ᠲᠤᠬᠠᠢ ᠶᠢᠨ ᠲᠠᠯᠠᠪᠠᠶ ᠶᠢᠨ ᠲᠣᠭᠤᠷᠢᠨ ᠦᠵᠡᠵᠦ ᠰᠢᠯᠭᠠᠨ ᠦᠨᠡᠯᠡᠬᠦ ᠳᠤᠭᠤᠶᠢᠯᠠᠩ ᠮᠠᠨ ᠤ ᠬᠤᠰᠢᠭᠤᠨ ᠤ  ᠣᠤ ᠶᠢᠨ ᠭᠤᠤᠯ ᠰᠤᠮᠤᠨ ᠳᠤ ᠬᠦᠷᠴᠦ ᠲᠤᠬᠠᠢ ᠶᠢᠨ

ᠲᠠᠯᠠᠪᠠᠶ ᠶᠢᠨ ᠲᠣᠭᠤᠷᠢᠨ ᠦᠵᠡᠵᠦ ᠰᠢᠯᠭᠠᠨ ᠦᠨᠡᠯᠡᠪᠡ᠃

         ᠰᠢᠯᠭᠠᠨ ᠦᠨᠡᠯᠡᠬᠦ ᠳᠤᠭᠤᠶᠢᠯᠠᠩ ᠤᠨ ᠬᠢᠨ ᠤᠷᠢᠳ ᠬᠤᠵᠢᠳ  ᠣᠤ ᠶᠢᠨ ᠭᠤᠤᠯ ᠰᠤᠮᠤ ᠶᠢᠨ ᠲᠦᠮᠡᠨ ᠲᠣᠯᠣᠭᠠᠢ ᠠᠯᠠᠰᠢᠨ ᠦᠬᠡᠷ ᠤᠨ ᠲᠠᠷᠢᠶᠠᠴᠢᠨ

ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠭᠰᠠᠨ ᠵᠢᠱᠢᠶ᠎ᠡ ᠦᠵᠡᠭᠦᠯᠬᠦ ᠬᠦᠷᠢᠶᠡᠯᠡᠩ᠂ ᠲᠦᠮᠡᠨ ᠮᠦ ᠶᠢᠨ ᠲᠥᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ

ᠦᠵᠡᠭᠦᠯᠬᠦ ᠬᠦᠷᠢᠶᠡᠯᠡᠩ᠂ ᠲᠦᠮᠡᠨ ᠮᠦ ᠶᠢᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ

ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠡᠢ᠃

        ᠦᠵᠡᠭᠦᠯᠦᠯᠭᠡ ᠶᠢᠨ ᠳᠤᠮᠳᠠ ᠰᠢᠯᠭᠠᠨ ᠦᠨᠡᠯᠡᠬᠦ  ᠳᠤᠭᠤᠶᠢᠯᠠᠩ ᠤᠨ ᠬᠢᠨ ︽ᠪᠠᠶᠠᠨᠨᠠᠭᠤᠷ ᠬᠤᠲᠠ ᠶᠢᠨ ᠰᠤᠮᠤ ᠰᠢᠶᠠᠩ ᠪᠠᠯᠭᠠᠰᠤ ᠶᠢᠨ ᠨᠠᠮ ᠤᠨ

ᠬᠤᠷᠢᠶ᠎ᠠ ᠶᠢᠨ ᠱᠦᠵᠢ ᠶᠢᠨ ︿ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠷᠤᠯᠳᠤᠭᠠᠨ ᠤ ᠲᠠᠶᠢᠰᠠᠨ ᠤ ᠮᠥᠷᠥᠶᠢᠴᠡᠭᠡᠨ﹀ ᠤ ᠲᠤᠰᠬᠠᠢ ᠰᠢᠯᠭᠠᠷᠠᠭᠤᠯᠤᠨ

ᠲᠣᠭᠲᠠᠭᠠᠬᠤ ᠭᠦᠢᠴᠡᠳᠬᠡᠯ ᠲᠤᠭ᠎ᠠ ᠶᠢᠨ ᠨᠠᠷᠢᠨ ᠳᠦᠷᠢᠮ︾ ᠲᠠᠢ ᠬᠠᠷᠢᠴᠠᠭᠤᠯᠤᠨ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠵᠤ ᠰᠤᠷᠪᠤᠯᠵᠢᠯᠠᠬᠤ᠂

ᠲᠤᠬᠠᠢ ᠶᠢᠨ ᠲᠠᠯᠠᠪᠤᠷ ᠲᠤᠨᠢ ᠯᠠᠪᠯᠠᠨ ᠠᠰᠠᠭᠤᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠲᠠᠪᠤᠨ ᠶᠡᠭᠡ ᠬᠥᠭᠵᠢᠭᠦᠯᠦᠨ

ᠮᠠᠨᠳᠤᠭᠤᠯᠬᠤ︾ ᠶᠢ ᠲᠦᠯᠬᠢᠨ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠢᠯᠭᠠᠷᠠᠭᠤᠯᠤᠨ ᠲᠣᠭᠲᠠᠭᠠᠬᠤ ᠲᠤᠰᠬᠠᠢ

ᠠᠵᠢᠯ ᠢ ᠥᠷᠨᠢᠭᠦᠯᠪᠡ᠃

         ᠣᠶᠢᠯᠠᠭᠠᠭᠰᠠᠨ ᠢᠶᠠᠷ᠂ 10 ᠰᠠᠷ᠎ᠠ ᠶᠢᠨ ᠰᠡᠭᠦᠯᠴᠢ ᠪᠠᠷ᠂  ᠣᠤ ᠶᠢᠨ ᠭᠤᠤᠯ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠦᠷᠡᠡᠲᠤᠶᠠᠭ᠎ᠠ ᠤᠷᠠᠳ ᠤᠨ

ᠬᠤᠶᠢᠲᠤ ᠬᠤᠰᠢᠭᠤ ᠶᠢ ᠲᠥᠯᠥᠭᠡᠯᠡᠨ ᠪᠥᠬᠦ ᠬᠤᠲᠠ ᠶᠢᠨ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ︽ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠤᠷᠤᠯᠳᠤᠭᠠᠨ ᠤ ᠲᠠᠶᠢᠰᠠᠨ ᠤ ᠮᠥᠷᠥᠶᠢᠴᠡᠭᠡᠨ︾ ᠤ ᠲᠤᠬᠠᠢ ᠶᠢᠨ ᠲᠠᠯᠠᠪᠤᠷ ᠤᠨ ᠤᠷᠤᠯᠳᠤᠭᠠᠨ ᠳᠤ ᠣᠷᠣᠯᠴᠠᠬᠤ ᠪᠣᠯᠣᠨ᠎ᠠ᠃

ᠲᠤᠬᠠᠢ ᠶᠢᠨ ᠦᠶ᠎ᠡ ᠳᠤ᠂ ᠪᠥᠬᠦ ᠬᠤᠲᠠ ᠶᠢᠨ 7 ᠬᠤᠰᠢᠭᠤ ᠰᠢᠶᠠᠨ ᠲᠣᠭᠤᠷᠢᠭ ᠤᠨ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠬᠠᠮᠲᠤ ᠪᠠᠷ

ᠲᠠᠶᠢᠰᠠᠨ ᠳᠤ ᠮᠥᠷᠥᠶᠢᠴᠡᠵᠦ᠂ ᠲᠤᠬᠠᠶᠢᠯᠠᠭᠰᠠᠨ ᠠᠵᠢᠯ ᠤᠨ ᠮᠥᠷᠥᠶᠢᠴᠡᠭᠡᠨ ᠤ ᠬᠢᠷᠢ ᠲᠦᠪᠰᠢᠨ᠂ ᠲᠤᠬᠠᠢ ᠶᠢᠨ ᠭᠠᠵᠠᠷ ᠲᠤᠨᠢ ᠮᠥᠷᠥᠶᠢᠴᠡᠭᠡᠨ ᠤ ᠦᠷ᠎ᠡ ᠪᠦᠲᠦᠮᠵᠢ

᠂ ᠲᠠᠶᠢᠰᠠᠨ ᠤ ᠮᠥᠷᠥᠶᠢᠴᠡᠭᠡᠨ ᠤ ᠰᠡᠳᠬᠢᠮᠵᠢ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠦᠲᠦᠮᠵᠢᠲᠡᠶ

ᠰᠢᠯᠭᠠᠨ ᠪᠠᠶᠢᠴᠠᠭᠠᠵᠤ  ᠳᠡᠭᠡᠭᠰᠢᠯᠡᠬᠦᠯᠤᠨ᠎ᠠ ᠃

        

             

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ