ᠤᠷᠠᠳ ᠤᠨ ᠬᠤᠶᠢᠳᠤ ᠬᠤᠰᠢᠭᠤᠨ ᠤ ᠤᠯᠠᠭᠠᠨ ᠭᠠᠴᠠᠭᠠᠨ ᠤ  ᠲᠠᠷᠢᠶᠠᠴᠢᠳ ᠎ ᠤᠨ ᠠᠰᠢᠭ ᠬᠦᠷᠳᠡᠮᠵᠢ ᠮᠡᠳᠡᠭᠳᠠᠮ᠎ᠠ ᠲᠡᠬᠡᠭᠰᠢᠯᠠᠪᠠ
ᠨᠡᠶᠢᠲᠡᠯᠡᠭᠰᠡᠨ ᠴᠠᠭ᠄
2023/10/18

       ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠣᠯᠠᠨ ᠵᠦᠢᠯ ᠤᠨ ᠨᠥᠬᠦᠪᠦᠷᠢ ᠶᠢᠨ ᠳᠡᠮᠵᠢᠯᠭᠡ ᠳᠣᠣᠷ᠎ᠠ᠂ ᠤᠷᠠᠳ ᠤᠨ ᠬᠤᠶᠢᠲᠤ

ᠬᠤᠰᠢᠭᠤᠨ ᠤ ᠪᠠᠶᠠᠨᠪᠤᠯᠠᠭ ᠪᠠᠯᠭᠠᠰᠤᠨ ᠤ ᠤᠯᠠᠭᠠᠨ ᠭᠠᠴᠠᠭ᠎ᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂

ᠲᠣᠰᠬᠤᠨ ᠤ ᠠᠷᠠᠳ ᠤᠨ ᠠᠮᠢᠳᠤᠷᠠᠯ ᠴᠤ ᠤᠯᠠᠮ ᠠᠴᠠ ᠤᠯᠠᠮ ᠰᠠᠶᠢᠨ ᠪᠣᠯᠵᠤ᠂ ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃

       ᠡᠨᠡ ᠬᠤᠶᠠᠷ ᠡᠳᠦᠷ᠂ ᠤᠯᠠᠭᠠᠨ ᠭᠠᠴᠠᠭ᠎ᠠ ᠳᠤ ᠰᠠᠭᠤᠭ᠎ᠠ ᠦ᠋ ᠭᠦᠸᠧ ᠵᠦ ᠬᠤᠨᠢᠨ ᠤ ᠬᠠᠰᠢᠶᠠᠨ ᠳᠠᠭᠠᠨ  ᠡᠪᠡᠰᠦ ᠪᠣᠷᠳᠤᠭ᠎ᠠ ᠪᠠ ᠤᠰᠤ ᠨᠡᠮᠡᠬᠦ ᠪᠠᠷ

ᠶᠠᠭᠠᠷᠠᠯᠳᠤᠵᠤ᠂ ᠬᠤᠨᠢᠨ ᠤ ᠥᠰᠦᠯᠲᠡ ᠪᠤᠶᠢᠵᠢᠯᠲᠠ ᠶᠢᠨ ᠪᠠᠶᠢᠳᠠᠯ ᠢ ᠨᠠᠷᠢᠨ ᠠᠵᠢᠭᠯᠠᠵᠤ ᠪᠠᠶᠢᠯ᠎ᠠ᠃ ᠦ᠋ ᠭᠦᠸᠧ ᠵᠦ 20 ᠮᠦ ᠡᠷᠳᠡᠨᠢ ᠰᠢᠰᠢ ᠳᠠᠷᠢᠵᠤ᠂ 300

ᠭᠠᠷᠤᠢ ᠬᠤᠨᠢ ᠲᠡᠵᠢᠭᠡᠵᠡᠢ᠃ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢᠨ ᠠᠴᠢ ᠲᠤᠰᠠ ᠶᠢ ᠭᠥᠷᠳᠡᠵᠦ᠂ ᠨᠢᠳᠤᠨᠤᠨ ᠲᠡᠷᠡ ᠡᠷᠳᠡᠨᠢ ᠰᠢᠰᠢ ᠳᠠᠷᠢᠬᠤ ᠨᠥᠬᠦᠪᠦᠷᠢ

600 ᠲᠥᠭᠦᠷᠢᠭ ᠪᠠ 1600 ᠲᠥᠭᠦᠷᠢᠭ ᠤᠨ ᠡᠷᠳᠡᠨᠢ ᠰᠢᠰᠢ ᠶᠢᠨ ᠲᠡᠵᠢᠭᠡᠯ ᠪᠣᠷᠳᠣᠭᠠᠨ ᠤ ᠨᠥᠬᠦᠪᠦᠷᠢ ᠣᠯᠵᠠᠢ᠃ ᠡᠭᠦᠨ ᠠᠴᠠ ᠭᠠᠳᠠᠨ᠎ᠠ ᠲᠡᠷᠡ ᠪᠠᠰᠠ ᠬᠤᠶᠠᠷ

ᠬᠤᠴᠠ ᠬᠤᠳᠠᠯᠳᠤᠨ ᠠᠪᠴᠤ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ 3600 ᠲᠥᠭᠦᠷᠢᠭ ᠤᠨ ᠨᠥᠬᠦᠪᠦᠷᠢ ᠶᠢ ᠬᠦᠷᠲᠡᠪᠡ᠃

       ᠤᠷᠠᠳ ᠤᠨ ᠬᠤᠶᠢᠲᠤ ᠬᠤᠰᠢᠭᠤᠨ ᠤ ᠪᠠᠶᠠᠠᠪᠤᠯᠠᠭ ᠪᠠᠯᠭᠠᠰᠤᠨ ᠤ ᠤᠯᠠᠭᠠᠨ ᠭᠠᠴᠠᠭᠠᠨ ᠤ ᠠᠷᠠᠳ ᠦ᠋ ᠭᠦᠸᠧ ᠵᠦ  ᠰᠤᠷᠪᠤᠯᠵᠢᠯᠠᠭᠴᠢ ᠎ ᠳᠤ ︽ᠨᠠᠳᠠ ᠳᠤ

3838 ᠮᠦ ᠮᠠᠯᠵᠢᠯ ᠤᠨ ᠲᠠᠯᠠᠪᠠᠢ ᠲᠠᠢ᠂ ᠮᠠᠯ ᠪᠡᠯᠴᠢᠭᠡᠷ ᠤᠨ ᠲᠡᠩᠴᠡᠭᠦᠷᠢ ᠶᠢᠨ ᠮᠥᠩᠭᠦ ᠮᠦ ᠪᠦᠷᠢ ᠳᠤ 2.5 ᠲᠥᠭᠦᠷᠢᠭ ᠤᠨ ᠨᠥᠬᠦᠪᠦᠷᠢ ᠥᠭᠴᠦ᠂ ᠨᠢᠳᠤᠨᠤᠨ

ᠢᠮᠠᠭᠠᠨ ᠨᠣᠯᠤᠤᠷ ᠬᠤᠳᠠᠯᠳᠤᠭᠠᠳ 6 ᠲᠦᠮᠡ ᠭᠠᠷᠤᠢ ᠲᠥᠭᠦᠷᠢᠭ ᠣᠯᠵᠤ᠂ ᠬᠥᠯᠥᠰᠦᠨ ᠠᠵᠢᠯ ᠬᠢᠭᠡᠳ 20 ᠲᠦᠮᠡᠨ ᠲᠥᠭᠦᠷᠢᠭ ᠣᠯᠵᠤ᠂ ᠪᠣᠶ ᠪᠦᠬᠦᠢ

ᠣᠷᠣᠯᠭ᠎ᠠ ᠶᠢ ᠨᠡᠮᠡᠪᠡᠯ ᠨᠢᠳᠤᠨᠤᠨ ᠨᠡᠶᠢᠲᠡ 275800 ᠲᠥᠭᠦᠷᠢᠭ ᠣᠯᠣᠭᠰᠠᠨ ᠪᠠᠶᠢᠨ᠎ᠠ᠃ ᠨᠠᠮ ᠤᠨ ᠰᠠᠶᠢᠨ ᠲᠦᠷᠦ ᠶᠢᠨ ᠪᠣᠳᠣᠯᠭ᠎ᠠ ᠳᠤ ᠲᠤᠩ ᠲᠠᠯᠠᠷᠬᠠᠵᠤ

ᠪᠠᠶᠢᠨ᠎ᠠ᠂ ᠮᠠᠨ ᠤ ᠭᠡᠷ ᠲᠤ ᠡᠶᠢᠮᠦ ᠠᠷᠪᠢᠨ  ᠤᠷᠤᠯᠭ᠎ᠠ ᠲᠠᠢ ᠪᠣᠯᠤᠭᠰᠠᠨ ᠳᠤ ᠲᠤᠶᠢᠯ ᠤᠨ ᠵᠣᠯ ᠵᠢᠷᠭᠠᠯ ᠲᠠᠢ ᠰᠠᠨᠠᠭᠳᠠᠵᠤ ᠪᠠᠶᠢᠨ᠎ᠠ︾ ᠭᠡᠵᠦ  ᠪᠠᠶᠢᠪᠠ ᠃ 

      ᠤᠯᠠᠭᠠᠨ ᠭᠠᠴᠠᠭ᠎ᠠ ᠳᠤ 384 ᠬᠥᠮᠥᠨ ᠪᠠᠶᠢᠵᠤ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠭᠠᠴᠠᠭ᠎ᠠ ᠳᠤ ᠬᠠᠷᠢᠶᠠᠯᠠᠭᠳᠠᠨ᠎ᠠ᠃ ᠭᠠᠴᠠᠭ᠎ᠠ ᠲᠣᠰᠬᠤᠨ ᠤ

ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠲᠥᠯᠥᠭᠡ᠂ 2019 ᠣᠨ ᠳᠤ ᠤᠯᠠᠭᠠᠨ ᠭᠠᠴᠠᠭ᠎ᠠ ᠶᠢᠨ ᠬᠤᠪᠢ ᠣᠷᠣᠭᠤᠯᠤᠭᠰᠠᠨ ᠠᠵᠤ

ᠠᠬᠤᠢ ᠶᠢᠨ ᠬᠤᠷᠰᠢᠶ᠎ᠠ ᠶᠢ ᠪᠠᠶᠢᠭᠤᠯᠵᠤ᠂ 2021 ᠣᠨ  ᠠᠴᠠ ᠡᠬᠢᠯᠡᠨ ᠭᠠᠳᠠᠭᠠᠳᠤ ᠳᠤ ᠬᠠᠮᠲᠤ ᠶᠢᠨ ᠲᠡᠵᠢᠭᠡᠨ ᠦᠷᠡᠵᠢᠭᠦᠯᠬᠦ ᠲᠠᠯᠠᠪᠠᠶ ᠶᠢ ᠳᠠᠭᠠᠭᠠᠴᠢᠯᠠᠬᠤ ᠶᠢᠨ

ᠬᠠᠮᠲᠤ ᠬᠤᠷᠰᠢᠶ᠎ᠠ ᠶᠢᠨ  ︽ᠠᠯᠲᠠᠨ ᠲᠠᠯ᠎ᠠ ᠨᠤᠲᠤᠭ︾᠎ ᠤᠨ 1+3᠎ ᠶᠢᠨ ᠬᠤᠨᠢ ᠲᠡᠵᠢᠭᠡᠬᠦ ᠵᠠᠭᠪᠤᠷ ᠲᠤ ᠣᠷᠣᠯᠴᠠᠬᠤ ᠪᠠᠷ ᠳᠠᠮᠵᠢᠭᠤᠯᠤᠨ᠂ ᠲᠠᠷᠢᠶᠠᠴᠢᠳ ᠲᠤ

ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠨᠤᠭᠤᠳ ᠢ ᠨᠠᠶᠢᠳᠠᠪᠤᠷᠢᠵᠢᠭᠤᠯᠵᠤ᠂ ᠤᠯᠠᠭᠠᠨ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ

ᠨᠡᠮᠡᠭᠳᠡᠭᠦᠯᠪᠡ᠃

ᠲᠠᠷᠢᠶᠠᠴᠢᠳ ᠤᠨ ᠤᠷᠤᠯᠭ᠎ᠠ ᠨᠡᠮᠡᠭᠲᠡᠵᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠥᠨᠳᠥᠷ ᠪᠣᠯᠪᠠ᠂ ᠣᠲᠣ ᠶᠢᠨ ᠤᠯᠠᠭᠠᠨ ᠭᠠᠴᠠᠭ᠎ᠠ ᠶᠢᠨ

ᠬᠥᠮᠥᠨ ᠪᠣᠯᠭᠠᠨ ᠤ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠲᠣᠰᠬᠤᠨ ᠤ ᠠᠷᠠᠳ ᠪᠦᠯᠬᠦᠮᠳᠡᠨ ᠬᠠᠪᠰᠤᠷᠤᠯᠴᠠᠵᠤ᠂ ᠡᠷᠴᠢ ᠵᠣᠷᠢᠭ ᠲᠡᠭᠦᠯᠳᠡᠷ

ᠪᠠᠶᠢᠨ᠎ᠠ᠂ ᠲᠣᠰᠬᠤᠨ ᠤ ᠱᠦᠵᠢ ᠶᠠᠩ ᠭᠧᠨ ᠲᠠᠷᠠᠭᠠᠴᠢ ᠶᠢᠨ ᠠᠯᠬᠤᠮ ᠤᠨ ᠬᠥᠭᠵᠢᠯᠲᠡ ᠳᠤ ᠢᠲᠡᠭᠡᠯ ᠳᠦᠭᠦᠷᠡᠩ  ᠶᠡᠷᠢᠵᠦ  ᠪᠠᠶᠢᠯ᠎ᠠ ᠃

       ᠶᠠᠩ ᠭᠧᠨ ᠬᠡᠯᠡᠬᠦ ᠳᠡᠭᠡᠨ᠄ ︽ᠳᠠᠷᠠᠭᠠᠴᠢ ᠶᠢᠨ ᠠᠯᠬᠤᠮ ᠳᠤ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠱᠦᠢᠨᠢ ᠶᠢᠨ ᠤᠷᠢᠳᠴᠢᠯᠠᠨ

ᠬᠢᠭᠰᠡᠨ ᠦᠢᠯᠡᠳᠪᠦᠷᠢ ᠶᠢᠨ ᠪᠠᠶᠢᠰᠢᠩ ᠢ ᠪᠠᠶᠢᠭᠤᠯᠵᠤ᠂ ᠮᠠᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠳᠠᠶᠢᠴᠢᠯᠠᠨ᠎ᠠ᠂ ᠡᠨᠡᠬᠦ ᠠᠰᠢᠭ ᠣᠷᠣᠯᠭ᠎ᠠ ᠶᠢᠨ

ᠵᠢᠱᠢᠯᠲᠡ ᠪᠠᠷ ᠬᠠᠮᠲᠤ ᠶᠢᠨ ᠠᠰᠢᠭ ᠣᠷᠣᠯᠭ᠎ᠠ 30 ᠲᠦᠮᠡ ᠠᠴᠠ 50 ᠲᠦᠮᠡ ᠣᠷᠴᠢᠮ ᠪᠣᠯᠣᠨ᠎ᠠ᠃ ᠵᠠᠰᠠᠭ ᠤᠨ ᠣᠷᠳᠣᠨ  ᠠᠴᠠ ᠡᠶᠢᠮᠦ ᠣᠯᠠᠨ ᠵᠢᠯ ᠤᠨ ᠲᠤᠷᠰᠢ

ᠮᠠᠯᠵᠢᠬᠤ ᠲᠠᠷᠢᠶᠠᠯᠠᠬᠤ ᠣᠷᠣᠨ ᠤ ᠬᠠᠮᠲᠤ  ᠶᠢᠨ ᠠᠵᠤ ᠠᠬᠤᠢ  ᠶᠢ ᠬᠥᠭᠵᠢᠭᠦᠯᠬᠦ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠶᠡᠬᠡᠳᠡ ᠲᠠᠯᠠᠷᠬᠠᠵᠤ ᠪᠠᠶᠢᠨ᠎ᠠ᠂

ᠡᠨᠡ ᠨᠢ ᠮᠥᠨ ᠴᠦ ᠮᠠᠨ ᠤ ᠮᠠᠯᠴᠢᠨ ᠲᠠᠷᠢᠶᠠᠴᠢᠨ ᠤ ᠣᠷᠣᠯᠭ᠎ᠠ  ᠶᠢ ᠨᠡᠮᠡᠭᠳᠡᠭᠦᠯᠦᠨ ᠪᠠᠶᠠᠵᠢᠭᠤᠯᠵᠤ᠂ ᠰᠠᠶᠢᠨ ᠰᠠᠶᠢᠬᠠᠨ ᠠᠮᠢᠳᠤᠷᠠᠯ  ᠢ ᠡᠳ᠋ᠯᠡᠭᠦᠯᠬᠦ  ᠶᠢᠨ ᠲᠥᠯᠥᠭᠡ

ᠶᠤᠮ︾ ᠬᠡᠵᠦ ᠪᠠᠶᠢᠪᠠ ᠃

   

                                           ᠲᠤᠩᠭᠠᠯᠠᠭ       ᠴᠧᠨ ᠯᠢ ᠺᠦᠨ

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ