ᠤᠷᠠᠳ ᠤᠨ ᠬᠤᠶᠢᠳᠤ ᠬᠤᠰᠢᠭᠤ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠲᠠᠷᠢᠶᠠᠯᠠᠩ ᠤᠨ ᠮᠠᠰᠢᠨ ᠤ ᠰᠢᠯᠭᠠᠨ  ᠪᠠᠶᠢᠴᠠᠭᠠᠯᠳᠠ ᠶᠢ  ︽  ᠬᠡᠷ︾  ᠲᠤᠨᠢ ᠬᠦᠷᠭᠡᠵᠦ ᠠᠷᠠᠳ ᠲᠤ ᠲᠦᠬᠦᠮ ᠦᠵᠡᠬᠦᠯᠵᠦ ᠪᠤᠢ
ᠨᠡᠶᠢᠲᠡᠯᠡᠭᠰᠡᠨ ᠴᠠᠭ᠄
2023/10/18

        

        ᠲᠠᠷᠢᠶᠠᠯᠠᠩ  ᠤᠨ ᠮᠠᠰᠢᠨ ᠤ ᠵᠢᠯ ᠤᠨ ᠠᠶᠤᠯᠭᠦᠢ ᠮᠡᠷᠭᠡᠵᠢᠯ ᠤᠨ ᠰᠢᠯᠭᠠᠨ ᠪᠠᠶᠢᠴᠠᠭᠠᠯᠲᠠ ᠪᠣᠯ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ

ᠳᠤᠮᠳᠠᠬᠢ ᠨᠢᠭᠡ  ᠲᠦᠷᠦᠯ ᠤᠨ ᠴᠢᠬᠤᠯᠠ ᠰᠠᠭᠤᠷᠢ ᠴᠢᠨᠠᠷᠲᠠᠢ ᠠᠵᠢᠯ ᠪᠣᠯᠣᠨ᠎ᠠ᠃ᠠᠳᠡᠯ ᠤᠨ ᠳᠠᠯᠳᠠ ᠭᠡᠮ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠵᠤ᠂

ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠤᠷᠠᠳ ᠤᠨ ᠬᠤᠶᠢᠲᠤ ᠬᠤᠰᠢᠭᠤᠨ ᠤ ᠲᠠᠷᠢᠶᠠᠯᠠᠩ

ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠲᠥᠪ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠲᠡᠷᠢᠶᠡᠯᠠᠩ ᠤᠨ ᠮᠠᠰᠢᠨ  ᠢ

ᠪᠠᠶᠢᠴᠠᠭᠠᠬᠤ ᠦᠢᠯᠡᠴᠢᠯᠡᠭᠡ ᠶᠢ ᠲᠣᠰᠬᠤᠨ ᠳᠤ ᠬᠦᠷᠭᠡᠬᠦ︾ ᠠᠵᠢᠯᠯᠠᠭ᠎ᠠ ᠥᠷᠨᠢᠭᠦᠯᠪᠡ᠃ ︽ᠨᠢᠭᠡ ᠥᠷᠲᠡᠭᠡᠨ ᠤ ᠬᠡᠯᠪᠡᠷᠢ︾ ᠪᠠᠷ ᠭᠦᠢᠴᠡᠳᠬᠡᠬᠦ ᠪᠠ ᠭᠡᠷ ᠲᠤᠨᠢ

ᠬᠦᠷᠴᠦ ᠦᠢᠯᠡᠴᠢᠯᠡᠬᠦ ᠪᠠᠷ ᠳᠠᠮᠵᠢᠭᠤᠯᠤᠨ᠂ ᠣᠯᠠᠨ ᠲᠦᠮᠡᠨ ᠢ ᠬᠠᠪᠰᠤᠷᠤᠨ ᠬᠡᠰᠡᠭ ᠲᠠᠷᠢᠶᠠᠯᠠᠩ ᠤᠨ ᠮᠠᠰᠢᠨ ᠤ ᠬᠤᠯᠠ ᠵᠠᠢ ᠳᠤ ᠰᠢᠯᠵᠢᠬᠦ ᠳᠤ ᠳᠥᠭᠦᠮ ᠦᠭᠡᠢ

ᠬᠦᠴᠢᠷ ᠠᠰᠠᠭᠤᠳᠠᠯ ᠢ ᠰᠢᠢᠳᠪᠦᠷᠢᠯᠡᠵᠦ  ᠦᠭᠬᠦᠭᠰᠡᠨ ᠪᠠᠶᠢᠨ᠎ᠠ᠃

        ᠲᠡᠷᠭᠡᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠶ᠂ ᠠᠵᠢᠯᠲᠠᠳ ᠰᠢᠯᠭᠠᠨ ᠪᠠᠶᠢᠴᠠᠭᠠᠬᠤ ᠶᠠᠪᠤᠴᠠ ᠶᠢ ᠴᠢᠩᠭ᠎ᠠ ᠵᠢᠷᠤᠮᠯᠠᠨ᠂ ᠰᠢᠯᠭᠠᠨ ᠪᠠᠶᠢᠴᠠᠭᠠᠬᠤ ᠳᠤ

ᠣᠷᠣᠯᠴᠠᠭᠰᠠᠨ ᠲᠠᠷᠢᠶᠠᠯᠠᠩ ᠤᠨ ᠮᠠᠰᠢᠨ ᠤ ᠠᠵᠢᠯᠯᠠᠭᠴᠢ ᠪᠠ ᠲᠷᠠᠺᠲ᠋ᠣᠷ ᠵᠡᠷᠭᠡ ᠶᠢ ᠳᠠᠩᠰᠠᠯᠠᠵᠤ᠂ ᠰᠢᠯᠭᠠᠨ ᠪᠠᠶᠢᠴᠠᠭᠠᠬᠤ ᠭᠠᠷ ᠭᠦᠢᠴᠡᠳᠬᠡᠯ ᠬᠢᠵᠦ᠂ ᠬᠥᠮᠥᠨ᠂

ᠮᠠᠰᠢᠨ᠂ ᠫᠠᠶᠢᠰᠠ᠂ ᠦᠨᠡᠮᠯᠡᠯ ᠵᠡᠷᠭᠡ ︽ᠳᠥᠷᠪᠡ ᠶᠢ ᠵᠣᠯᠭᠠᠭᠤᠯᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠰᠢᠨ ᠲᠡᠷᠭᠡᠨ ᠤ ᠪᠠᠶᠢᠴᠠᠭᠠᠯᠲᠠ ᠶᠢᠨ ᠪᠠᠷᠢᠮᠵᠢᠶ᠎ᠠ ᠲᠠᠢ

ᠬᠠᠷᠢᠴᠠᠭᠤᠯᠤᠨ᠂ ᠰᠢᠯᠭᠠᠨ ᠪᠠᠶᠢᠴᠠᠭᠠᠬᠤ ᠮᠡᠷᠭᠡᠵᠢᠯ ᠤᠨ ᠪᠣᠭᠤᠮᠲᠠ ᠶᠢ ᠴᠢᠩᠭ᠎ᠠ ᠠᠳᠬᠤᠵᠤ᠂ ᠠᠳᠠᠯᠢ ᠪᠤᠰᠤ ᠲᠥᠷᠥᠯ ᠤᠨ ᠲᠠᠷᠢᠶᠠᠯᠠᠩ ᠤᠨ ᠮᠠᠰᠢᠨ ᠳᠤ

ᠴᠢᠭᠯᠡᠭᠦᠯᠦᠨ ᠲᠠᠷᠢᠶᠠᠯᠠᠩ ᠤᠨ ᠮᠠᠰᠢᠨ ᠤ ᠲᠣᠷᠣᠮᠰᠤᠯᠠᠬᠤ᠂ ᠴᠢᠭᠯᠡᠯ ᠥᠭᠡᠷᠡᠴᠢᠯᠡᠬᠦ᠂ ᠳ᠋ᠧᠩ ᠤᠨ ᠬᠡᠷᠡᠯ᠂ ᠬᠡᠷᠡᠯ ᠤᠨ ᠣᠶᠢᠯᠲᠠ ᠶᠢᠨ ᠲᠡᠮᠳᠡᠭ᠂ ᠳᠤᠭᠤᠶᠢᠯᠠᠪᠤᠷᠢ

ᠵᠡᠷᠭᠡ ᠣᠯᠠᠨ ᠲᠠᠯ᠎ᠠ ᠶᠢᠨ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠥᠳᠡᠯᠭᠡᠭᠦᠷ ᠤᠨ ᠨᠣᠮᠧᠷ ᠪᠠ ᠲᠡᠷᠭᠡᠨ ᠵᠢᠶᠠᠰᠠ ᠶᠢᠨ ᠨᠣᠮᠧᠷ ᠢ ᠨᠠᠷᠢᠨ ᠬᠢᠨᠠᠮᠠᠭᠠᠢ ᠬᠢᠨᠠᠨ

ᠬᠠᠷᠭᠤᠭᠤᠯᠵᠤ᠂ ᠮᠧᠬᠠᠨᠢᠭ ᠤᠨ ᠴᠢᠨᠠᠷ ᠴᠢᠨᠰᠠᠭ᠎ᠠ ᠶᠢᠨ ᠪᠦᠷᠢᠨ ᠪᠦᠲᠦᠨ ᠪᠠᠶᠢᠬᠤ ᠶᠢ  ᠪᠠᠳᠤᠯᠠᠵᠦ᠂  ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ  ᠲᠡᠷᠭᠡᠨ ᠳᠤ

ᠭᠡᠷᠡᠯ ᠣᠶᠢᠯᠭᠠᠬᠤ ᠪᠦᠷᠬᠦᠭᠦᠯ ᠨᠠᠭᠠᠵᠤ᠂  ᠲᠠᠷᠢᠶᠠᠯᠠᠩ ᠤᠨ  ᠮᠠᠰᠢᠨ ᠤ ᠬᠡᠪ ᠢᠶᠠᠷ ᠠᠵᠢᠯᠯᠠᠬᠤ ᠶᠢ ᠦᠨᠡᠨ ᠬᠦ ᠪᠠᠳᠤᠯᠠᠵᠦ᠂ ᠲᠠᠷᠢᠶᠠᠯᠠᠩ ᠤᠨ ᠮᠠᠰᠢᠨ ᠤ ᠡ᠊ᠨᠳᠡᠯ ᠤᠨ

ᠳᠠᠯᠳᠠ ᠭᠡᠮ ᠢ ᠠᠷᠢᠯᠭᠠᠵᠤ᠂ ᠲᠠᠷᠢᠶᠠᠯᠠᠩ ᠤᠨ ᠮᠠᠰᠢᠨ ᠤ ᠡ᠊ᠨᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠪᠠ  ᠪᠠᠭᠠᠰᠬᠠᠭᠰᠠᠨ ᠪᠠᠶᠢᠨ᠎ᠠ᠃

        ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ  ᠲᠡᠷᠢᠶᠠᠯᠠᠩ ᠤᠨ ᠮᠠᠰᠢᠨ ᠢ ᠪᠠᠶᠢᠴᠠᠭᠠᠬᠤ ᠦᠢᠯᠡᠴᠢᠯᠡᠭᠡ ᠶᠢ ᠲᠣᠰᠬᠤᠨ ᠳᠤ ᠬᠦᠷᠭᠡᠬᠦ︾ ᠠᠵᠢᠯᠯᠠᠭ᠎ᠠ

ᠳᠤᠮᠳᠠ᠂ ᠤᠷᠠᠳ ᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠲᠥᠪ ᠪᠠᠰᠠ ᠲᠠᠷᠢᠶᠠᠯᠠᠩ ᠮᠠᠯ ᠠᠵᠤ

ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤᠷᠠᠨ ᠲᠠᠷᠢᠶᠠᠯᠠᠩ ᠤᠨ ᠮᠠᠰᠢᠨ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ᠂

ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ᠶᠢᠨ ᠠᠵᠢᠯ ᠤᠨ ᠲᠤᠬᠠᠢ ᠶᠢᠨ ᠲᠠᠯᠠᠪᠤᠷ ᠲᠤ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ

ᠪᠠᠶᠢᠴᠠᠭᠠᠯᠲᠠ ᠶᠢ ᠥᠷᠨᠢᠭᠦᠯᠪᠡ᠃  ᠲᠡᠳᠡ ᠲᠠᠷᠢᠶᠠᠯᠠᠩ ᠤᠨ  ᠮᠠᠰᠢᠨ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠪᠣᠯᠣᠨ ᠲᠠᠷᠢᠶᠠᠯᠠᠩ ᠤᠨ ᠮᠠᠰᠢᠨ  ᠤ ᠲᠤᠰᠬᠠᠢ

ᠠᠵᠢᠯ  ᠤᠨ ᠬᠤᠷᠰᠢᠶ᠎ᠠ ᠶᠢᠨ ᠠᠶᠤᠯ ᠦᠭᠡᠢ ᠦᠢᠯᠡᠳᠪᠦᠷᠢᠯᠡᠯ  ᠤᠨ ᠳᠦᠷᠢᠮ ᠤᠨ  ᠪᠠᠶᠢᠭᠤᠯᠤᠯᠲᠠ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠡᠯᠡᠳᠬᠡᠮᠵᠢ᠂

ᠠᠶᠤᠯ ᠦᠭᠡᠢ ᠦᠢᠯᠡᠳᠪᠦᠷᠢᠯᠡᠯ  ᠤᠨ ᠡᠬᠡ ᠲᠠᠩᠰᠠ᠂ ᠠᠶᠤᠯ ᠦᠭᠡᠢ ᠦᠢᠯᠡᠳᠪᠦᠷᠢᠯᠡᠯ  ᠤᠨ ᠪᠣᠯᠪᠠᠰᠤᠷᠠᠭᠤᠯᠤᠯ ᠵᠡᠷᠭᠡ ᠲᠠᠯ᠎ᠠ ᠶᠢᠨ ᠬᠡᠷᠡᠭᠵᠢᠭᠦᠯᠵᠦ ᠪᠠᠶᠢᠭ᠎ᠠ

ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠬᠦ ᠶᠢᠨ ᠲᠠᠠᠭᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠵᠤ ᠠᠬᠤᠶᠢᠯᠠᠯ ᠳᠤ ᠲᠷᠠᠺᠲ᠋ᠣᠷ ᠪᠣᠯᠣᠨ

ᠬᠠᠳᠤᠵᠤ ᠬᠤᠷᠢᠶᠠᠬᠤ ᠮᠠᠰᠢᠨ ᠢ ᠳᠠᠩᠰᠠᠬᠤ ᠲᠣᠭᠲᠠᠭᠠᠯ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠭᠤᠶᠤᠴᠢᠯᠠᠬᠤ ᠠᠯᠬᠤᠮ ᠳᠠᠷᠠᠭ᠎ᠠ ᠶᠢ

ᠨᠠᠭᠠᠵᠤ᠂ ᠮᠠᠰᠢᠨ ᠬᠤᠳᠠᠯᠳᠤᠨ ᠠᠪᠬᠤ ᠲᠠᠷᠢᠶᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ

ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠳᠡᠩᠰᠡᠯᠡᠵᠦ ᠫᠠᠶᠢᠰᠠ ᠡᠯᠭᠦᠨ᠂ ᠠᠮᠤᠷ ᠲᠦᠪᠰᠢᠨ ᠤ ᠳᠠᠯᠳᠠ ᠬᠡᠮ ᠢ ᠡᠬᠢ ᠡᠭᠦᠰᠦᠯ ᠠᠴᠠ ᠨᠢ  ᠠᠷᠢᠯᠭᠠᠬᠤ ᠶᠢ ᠵᠢᠭᠠᠨ

ᠵᠢᠯᠤᠭᠤᠳᠤᠭᠰᠠᠨ ᠪᠠᠶᠢᠨ᠎ᠠ᠃

        ᠣᠲᠣ ᠪᠣᠯᠲᠠᠯ᠎ᠠ᠂ ᠤᠷᠠᠳ ᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠲᠥᠪ 15

ᠭᠠᠴᠠᠭ᠎ᠠ ᠲᠣᠰᠬᠤᠨ ᠳᠤ ᠭᠦᠨᠵᠡᠭᠡᠶᠢᠷᠡᠨ᠂ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠯᠲᠠ ᠶᠢᠨ ᠲᠷᠠᠺᠲ᠋ᠣᠷ᠂ ᠬᠠᠳᠤᠵᠤ ᠬᠤᠷᠢᠶᠠᠬᠤ ᠮᠠᠰᠢᠨ ᠢ 72

ᠪᠡᠶᠡᠯᠡᠭᠦᠯᠵᠦ᠂ ᠣᠷᠣᠨ ᠠᠯᠤᠰᠯᠠᠨ ᠠᠵᠢᠯᠯᠠᠬᠤ ᠦᠨᠡᠮᠯᠡᠯ ᠢ 15 ᠬᠢᠨᠠᠨ ᠣᠯᠭᠤᠪᠠ︔ ᠲᠠᠷᠢᠶᠠᠯᠠᠩ ᠤᠨ ᠮᠠᠰᠢᠨ ᠤ ᠠᠵᠢᠯ ᠲᠥᠷᠥᠯ ᠤᠨ ᠠᠮᠤᠷ ᠲᠦᠪᠰᠢᠨ ᠤ ᠬᠡᠮ

ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 5 ᠡᠷᠦᠬᠡ︔ ᠲᠠᠷᠢᠶᠠᠯᠠᠩ ᠤᠨ ᠮᠠᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠠᠷᠢᠶᠠᠯᠠᠩ ᠤᠨ

ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠤᠬᠠᠭᠤᠯᠭ᠎ᠠ ᠶᠢᠨ ᠮᠡᠳᠡᠭᠳᠡᠯ ᠢ 30 ᠭᠠᠷᠤᠢ ᠬᠤᠪᠢ  ᠲᠠᠷᠬᠠᠭᠠᠨ ᠨᠠᠭᠠᠪᠠ᠃

         ᠲᠣᠰ ᠤᠳᠠᠭᠠᠨ ᠤ ᠠᠵᠢᠯᠯᠠᠭ᠎ᠠ ᠨᠢ ᠤᠷᠠᠳ ᠤᠨ ᠬᠤᠶᠢᠲᠤ ᠬᠤᠰᠢᠭᠤᠨ ᠤ ᠡᠯ᠎ᠡ ᠭᠠᠴᠠᠭ᠎ᠠ ᠲᠣᠰᠬᠤᠨ ᠤ ᠲᠠᠷᠢᠶᠠᠯᠠᠩ ᠤᠨ ᠮᠠᠰᠢᠨ ᠤ ᠲᠤᠰᠬᠠᠢ

ᠬᠤᠷᠰᠢᠶ᠎ᠠ᠂ ᠲᠠᠷᠢᠶᠠᠯᠠᠩ ᠤᠨ ᠮᠠᠰᠢᠨ ᠤ ᠠᠵᠢᠯᠲᠠᠨ ᠤ ᠠᠵᠢᠯ ᠤᠨ ᠴᠠᠭ ᠪᠠ ᠥᠪᠡᠷ ᠤᠨ ᠥᠷᠲᠡᠭ ᠢ ᠪᠦᠲᠦᠮᠵᠢᠲᠡᠶ ᠠᠷᠪᠢᠯᠠᠵᠤ᠂ ᠲᠠᠷᠢᠶᠠᠯᠠᠩ ᠤᠨ ᠮᠠᠰᠢᠨ ᠤ ᠵᠠᠮ

ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠠᠭᠠᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ

ᠺᠢᠯᠣᠮᠧᠲᠷ︾ ᠢ ᠨᠡᠪᠲᠡᠷᠡᠭᠦᠯᠵᠡᠢ᠃

        ︽ᠬᠤᠶᠢᠰᠢᠳᠠ᠂ ᠤᠷᠠᠳ ᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠲᠥᠪ

ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ

ᠴᠢᠩᠭᠠᠳᠬᠠᠨ᠂ ᠲᠠᠷᠢᠶᠠᠯᠠᠩ ᠤᠨ ᠮᠠᠰᠢᠨ ᠤ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠠᠰᠢᠨ ᠲᠡᠷᠭᠡᠨ ᠤ ᠵᠠᠮ ᠬᠠᠷᠢᠯᠴᠠᠭᠠᠨ ᠤ

ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠪᠠᠭᠠᠰᠬᠠᠨ᠎ᠠ᠃ ᠡᠭᠦᠨ ᠤ ᠬᠠᠮᠲᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ

ᠦᠷᠭᠦᠯᠵᠢᠯᠡᠨ ᠳᠡᠭᠡᠭᠰᠢᠯᠡᠭᠦᠯᠵᠦ᠂ ᠲᠠᠷᠢᠶᠠᠴᠢᠳ ᠤᠨ ᠳᠠᠷᠤᠭᠠᠰᠤ ᠶᠢ ᠬᠥᠩᠭᠡᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠢᠯᠡᠭᠦᠦ ᠠᠷᠠᠳ ᠲᠤ ᠲᠥᠬᠦᠮ

ᠦᠵᠡᠭᠦᠯᠵᠦ ᠥᠨᠳᠥᠷ ᠪᠦᠲᠦᠮᠵᠢᠲᠡᠶ ᠪᠣᠯᠭᠠᠵᠤ᠂ ᠣᠯᠠᠨ ᠲᠦᠮᠡᠨ ᠳᠤ ᠦᠢᠯᠡᠴᠢᠯᠡᠬᠦ ︿ᠡᠴᠦᠰ ᠤᠨ ᠨᠢᠭᠡ ᠺᠢᠯᠣᠮᠧᠲᠷ﹀ ᠢ ᠨᠡᠪᠲᠡᠷᠡᠭᠦᠯᠦᠨ᠂ ᠲᠠᠷᠢᠶᠠᠯᠠᠩ

ᠦᠢᠯᠡᠳᠪᠦᠷᠢᠯᠡᠯ ᠤᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ︾ ᠭᠡᠵᠦ ᠤᠷᠠᠳ ᠤᠨ ᠬᠤᠶᠢᠲᠤ ᠬᠤᠰᠢᠭᠤᠨ ᠤ ᠲᠠᠷᠢᠶᠠᠯᠠᠩ ᠮᠠᠯ

ᠠᠵᠤ ᠠᠬᠤᠢ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠠᠵᠢᠯ  ᠤᠨ ᠬᠠᠷᠠᠯᠳᠠ ᠪᠠᠨ   ᠶᠠᠷᠢᠨ᠎ᠠ᠃

 

                                                 ᠲᠤᠩᠭᠠᠯᠠᠭ

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ