| ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠣᠯᠠᠨ ᠵᠦᠢᠯ ᠤᠨ ᠨᠥᠬᠦᠪᠦᠷᠢ ᠶᠢᠨ ᠳᠡᠮᠵᠢᠯᠭᠡ ᠳᠣᠣᠷ᠎ᠠ᠂ ᠤᠷᠠᠳ ᠤᠨ ᠬᠤᠶᠢᠲᠤ | ᠬᠤᠰᠢᠭᠤᠨ ᠤ ᠪᠠᠶᠠᠨᠪᠤᠯᠠᠭ ᠪᠠᠯᠭᠠᠰᠤᠨ ᠤ ᠤᠯᠠᠭᠠᠨ ᠭᠠᠴᠠᠭ᠎ᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ | ᠲᠣᠰᠬᠤᠨ ᠤ ᠠᠷᠠᠳ ᠤᠨ ᠠᠮᠢᠳᠤᠷᠠᠯ ᠴᠤ ᠤᠯᠠᠮ ᠠᠴᠠ ᠤᠯᠠᠮ ᠰᠠᠶᠢᠨ ᠪᠣᠯᠵᠤ᠂ ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃ | | ᠡᠨᠡ ᠬᠤᠶᠠᠷ ᠡᠳᠦᠷ᠂ ᠤᠯᠠᠭᠠᠨ ᠭᠠᠴᠠᠭ᠎ᠠ ᠳᠤ ᠰᠠᠭᠤᠭ᠎ᠠ ᠦ᠋ ᠭᠦᠸᠧ ᠵᠦ ᠬᠤᠨᠢᠨ ᠤ ᠬᠠᠰᠢᠶᠠᠨ ᠳᠠᠭᠠᠨ ᠡᠪᠡᠰᠦ ᠪᠣᠷᠳᠤᠭ᠎ᠠ ᠪᠠ ᠤᠰᠤ ᠨᠡᠮᠡᠬᠦ ᠪᠠᠷ | ᠶᠠᠭᠠᠷᠠᠯᠳᠤᠵᠤ᠂ ᠬᠤᠨᠢᠨ ᠤ ᠥᠰᠦᠯᠲᠡ ᠪᠤᠶᠢᠵᠢᠯᠲᠠ ᠶᠢᠨ ᠪᠠᠶᠢᠳᠠᠯ ᠢ ᠨᠠᠷᠢᠨ ᠠᠵᠢᠭᠯᠠᠵᠤ ᠪᠠᠶᠢᠯ᠎ᠠ᠃ ᠦ᠋ ᠭᠦᠸᠧ ᠵᠦ 20 ᠮᠦ ᠡᠷᠳᠡᠨᠢ ᠰᠢᠰᠢ ᠳᠠᠷᠢᠵᠤ᠂ 300 | ᠭᠠᠷᠤᠢ ᠬᠤᠨᠢ ᠲᠡᠵᠢᠭᠡᠵᠡᠢ᠃ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢᠨ ᠠᠴᠢ ᠲᠤᠰᠠ ᠶᠢ ᠭᠥᠷᠳᠡᠵᠦ᠂ ᠨᠢᠳᠤᠨᠤᠨ ᠲᠡᠷᠡ ᠡᠷᠳᠡᠨᠢ ᠰᠢᠰᠢ ᠳᠠᠷᠢᠬᠤ ᠨᠥᠬᠦᠪᠦᠷᠢ | 600 ᠲᠥᠭᠦᠷᠢᠭ ᠪᠠ 1600 ᠲᠥᠭᠦᠷᠢᠭ ᠤᠨ ᠡᠷᠳᠡᠨᠢ ᠰᠢᠰᠢ ᠶᠢᠨ ᠲᠡᠵᠢᠭᠡᠯ ᠪᠣᠷᠳᠣᠭᠠᠨ ᠤ ᠨᠥᠬᠦᠪᠦᠷᠢ ᠣᠯᠵᠠᠢ᠃ ᠡᠭᠦᠨ ᠠᠴᠠ ᠭᠠᠳᠠᠨ᠎ᠠ ᠲᠡᠷᠡ ᠪᠠᠰᠠ ᠬᠤᠶᠠᠷ | ᠬᠤᠴᠠ ᠬᠤᠳᠠᠯᠳᠤᠨ ᠠᠪᠴᠤ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ 3600 ᠲᠥᠭᠦᠷᠢᠭ ᠤᠨ ᠨᠥᠬᠦᠪᠦᠷᠢ ᠶᠢ ᠬᠦᠷᠲᠡᠪᠡ᠃ | ᠤᠷᠠᠳ ᠤᠨ ᠬᠤᠶᠢᠲᠤ ᠬᠤᠰᠢᠭᠤᠨ ᠤ ᠪᠠᠶᠠᠠᠪᠤᠯᠠᠭ ᠪᠠᠯᠭᠠᠰᠤᠨ ᠤ ᠤᠯᠠᠭᠠᠨ ᠭᠠᠴᠠᠭᠠᠨ ᠤ ᠠᠷᠠᠳ ᠦ᠋ ᠭᠦᠸᠧ ᠵᠦ ᠰᠤᠷᠪᠤᠯᠵᠢᠯᠠᠭᠴᠢ ᠳᠤ ︽ᠨᠠᠳᠠ ᠳᠤ | 3838 ᠮᠦ ᠮᠠᠯᠵᠢᠯ ᠤᠨ ᠲᠠᠯᠠᠪᠠᠢ ᠲᠠᠢ᠂ ᠮᠠᠯ ᠪᠡᠯᠴᠢᠭᠡᠷ ᠤᠨ ᠲᠡᠩᠴᠡᠭᠦᠷᠢ ᠶᠢᠨ ᠮᠥᠩᠭᠦ ᠮᠦ ᠪᠦᠷᠢ ᠳᠤ 2.5 ᠲᠥᠭᠦᠷᠢᠭ ᠤᠨ ᠨᠥᠬᠦᠪᠦᠷᠢ ᠥᠭᠴᠦ᠂ ᠨᠢᠳᠤᠨᠤᠨ | ᠢᠮᠠᠭᠠᠨ ᠨᠣᠯᠤᠤᠷ ᠬᠤᠳᠠᠯᠳᠤᠭᠠᠳ 6 ᠲᠦᠮᠡ ᠭᠠᠷᠤᠢ ᠲᠥᠭᠦᠷᠢᠭ ᠣᠯᠵᠤ᠂ ᠬᠥᠯᠥᠰᠦᠨ ᠠᠵᠢᠯ ᠬᠢᠭᠡᠳ 20 ᠲᠦᠮᠡᠨ ᠲᠥᠭᠦᠷᠢᠭ ᠣᠯᠵᠤ᠂ ᠪᠣᠶ ᠪᠦᠬᠦᠢ | ᠣᠷᠣᠯᠭ᠎ᠠ ᠶᠢ ᠨᠡᠮᠡᠪᠡᠯ ᠨᠢᠳᠤᠨᠤᠨ ᠨᠡᠶᠢᠲᠡ 275800 ᠲᠥᠭᠦᠷᠢᠭ ᠣᠯᠣᠭᠰᠠᠨ ᠪᠠᠶᠢᠨ᠎ᠠ᠃ ᠨᠠᠮ ᠤᠨ ᠰᠠᠶᠢᠨ ᠲᠦᠷᠦ ᠶᠢᠨ ᠪᠣᠳᠣᠯᠭ᠎ᠠ ᠳᠤ ᠲᠤᠩ ᠲᠠᠯᠠᠷᠬᠠᠵᠤ | ᠪᠠᠶᠢᠨ᠎ᠠ᠂ ᠮᠠᠨ ᠤ ᠭᠡᠷ ᠲᠤ ᠡᠶᠢᠮᠦ ᠠᠷᠪᠢᠨ ᠤᠷᠤᠯᠭ᠎ᠠ ᠲᠠᠢ ᠪᠣᠯᠤᠭᠰᠠᠨ ᠳᠤ ᠲᠤᠶᠢᠯ ᠤᠨ ᠵᠣᠯ ᠵᠢᠷᠭᠠᠯ ᠲᠠᠢ ᠰᠠᠨᠠᠭᠳᠠᠵᠤ ᠪᠠᠶᠢᠨ᠎ᠠ︾ ᠭᠡᠵᠦ ᠪᠠᠶᠢᠪᠠ ᠃ | ᠤᠯᠠᠭᠠᠨ ᠭᠠᠴᠠᠭ᠎ᠠ ᠳᠤ 384 ᠬᠥᠮᠥᠨ ᠪᠠᠶᠢᠵᠤ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠭᠠᠴᠠᠭ᠎ᠠ ᠳᠤ ᠬᠠᠷᠢᠶᠠᠯᠠᠭᠳᠠᠨ᠎ᠠ᠃ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠲᠥᠯᠥᠭᠡ᠂ 2019 ᠣᠨ ᠳᠤ ᠤᠯᠠᠭᠠᠨ ᠭᠠᠴᠠᠭ᠎ᠠ ᠶᠢᠨ ᠬᠤᠪᠢ ᠣᠷᠣᠭᠤᠯᠤᠭᠰᠠᠨ ᠠᠵᠤ | ᠠᠬᠤᠢ ᠶᠢᠨ ᠬᠤᠷᠰᠢᠶ᠎ᠠ ᠶᠢ ᠪᠠᠶᠢᠭᠤᠯᠵᠤ᠂ 2021 ᠣᠨ ᠠᠴᠠ ᠡᠬᠢᠯᠡᠨ ᠭᠠᠳᠠᠭᠠᠳᠤ ᠳᠤ ᠬᠠᠮᠲᠤ ᠶᠢᠨ ᠲᠡᠵᠢᠭᠡᠨ ᠦᠷᠡᠵᠢᠭᠦᠯᠬᠦ ᠲᠠᠯᠠᠪᠠᠶ ᠶᠢ ᠳᠠᠭᠠᠭᠠᠴᠢᠯᠠᠬᠤ ᠶᠢᠨ | ᠬᠠᠮᠲᠤ ᠬᠤᠷᠰᠢᠶ᠎ᠠ ᠶᠢᠨ ︽ᠠᠯᠲᠠᠨ ᠲᠠᠯ᠎ᠠ ᠨᠤᠲᠤᠭ︾ ᠤᠨ 1+3 ᠶᠢᠨ ᠬᠤᠨᠢ ᠲᠡᠵᠢᠭᠡᠬᠦ ᠵᠠᠭᠪᠤᠷ ᠲᠤ ᠣᠷᠣᠯᠴᠠᠬᠤ ᠪᠠᠷ ᠳᠠᠮᠵᠢᠭᠤᠯᠤᠨ᠂ ᠲᠠᠷᠢᠶᠠᠴᠢᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠨᠤᠭᠤᠳ ᠢ ᠨᠠᠶᠢᠳᠠᠪᠤᠷᠢᠵᠢᠭᠤᠯᠵᠤ᠂ ᠤᠯᠠᠭᠠᠨ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ | ᠨᠡᠮᠡᠭᠳᠡᠭᠦᠯᠪᠡ᠃ | ᠲᠠᠷᠢᠶᠠᠴᠢᠳ ᠤᠨ ᠤᠷᠤᠯᠭ᠎ᠠ ᠨᠡᠮᠡᠭᠲᠡᠵᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠥᠨᠳᠥᠷ ᠪᠣᠯᠪᠠ᠂ ᠣᠲᠣ ᠶᠢᠨ ᠤᠯᠠᠭᠠᠨ ᠭᠠᠴᠠᠭ᠎ᠠ ᠶᠢᠨ | ᠬᠥᠮᠥᠨ ᠪᠣᠯᠭᠠᠨ ᠤ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠲᠣᠰᠬᠤᠨ ᠤ ᠠᠷᠠᠳ ᠪᠦᠯᠬᠦᠮᠳᠡᠨ ᠬᠠᠪᠰᠤᠷᠤᠯᠴᠠᠵᠤ᠂ ᠡᠷᠴᠢ ᠵᠣᠷᠢᠭ ᠲᠡᠭᠦᠯᠳᠡᠷ | ᠪᠠᠶᠢᠨ᠎ᠠ᠂ ᠲᠣᠰᠬᠤᠨ ᠤ ᠱᠦᠵᠢ ᠶᠠᠩ ᠭᠧᠨ ᠲᠠᠷᠠᠭᠠᠴᠢ ᠶᠢᠨ ᠠᠯᠬᠤᠮ ᠤᠨ ᠬᠥᠭᠵᠢᠯᠲᠡ ᠳᠤ ᠢᠲᠡᠭᠡᠯ ᠳᠦᠭᠦᠷᠡᠩ ᠶᠡᠷᠢᠵᠦ ᠪᠠᠶᠢᠯ᠎ᠠ ᠃ | ᠶᠠᠩ ᠭᠧᠨ ᠬᠡᠯᠡᠬᠦ ᠳᠡᠭᠡᠨ᠄ ︽ᠳᠠᠷᠠᠭᠠᠴᠢ ᠶᠢᠨ ᠠᠯᠬᠤᠮ ᠳᠤ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠱᠦᠢᠨᠢ ᠶᠢᠨ ᠤᠷᠢᠳᠴᠢᠯᠠᠨ | ᠬᠢᠭᠰᠡᠨ ᠦᠢᠯᠡᠳᠪᠦᠷᠢ ᠶᠢᠨ ᠪᠠᠶᠢᠰᠢᠩ ᠢ ᠪᠠᠶᠢᠭᠤᠯᠵᠤ᠂ ᠮᠠᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠳᠠᠶᠢᠴᠢᠯᠠᠨ᠎ᠠ᠂ ᠡᠨᠡᠬᠦ ᠠᠰᠢᠭ ᠣᠷᠣᠯᠭ᠎ᠠ ᠶᠢᠨ | ᠵᠢᠱᠢᠯᠲᠡ ᠪᠠᠷ ᠬᠠᠮᠲᠤ ᠶᠢᠨ ᠠᠰᠢᠭ ᠣᠷᠣᠯᠭ᠎ᠠ 30 ᠲᠦᠮᠡ ᠠᠴᠠ 50 ᠲᠦᠮᠡ ᠣᠷᠴᠢᠮ ᠪᠣᠯᠣᠨ᠎ᠠ᠃ ᠵᠠᠰᠠᠭ ᠤᠨ ᠣᠷᠳᠣᠨ ᠠᠴᠠ ᠡᠶᠢᠮᠦ ᠣᠯᠠᠨ ᠵᠢᠯ ᠤᠨ ᠲᠤᠷᠰᠢ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠶᠡᠬᠡᠳᠡ ᠲᠠᠯᠠᠷᠬᠠᠵᠤ ᠪᠠᠶᠢᠨ᠎ᠠ᠂ | ᠡᠨᠡ ᠨᠢ ᠮᠥᠨ ᠴᠦ ᠮᠠᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠶᠢᠨ ᠲᠥᠯᠥᠭᠡ | ᠶᠤᠮ︾ ᠬᠡᠵᠦ ᠪᠠᠶᠢᠪᠠ ᠃ | | ᠲᠤᠩᠭᠠᠯᠠᠭ ᠴᠧᠨ ᠯᠢ ᠺᠦᠨ |