ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/10/2

        9 ᠰᠠᠷ᠎ᠠ ᠶᠢᠨ 26᠎ ᠤ ᠡᠳᠦᠷ᠂ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠦᠭᠦ ᠣᠷᠣᠨ ᠤ ᠤᠯᠤᠰ ᠤᠨ

ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ ᠪᠠᠶᠢᠭ᠎ᠠ ᠪᠠᠶᠢᠳᠠᠯ ᠢ ᠰᠣᠨᠣᠰᠴᠤ᠂ ᠪᠣᠳᠠᠲᠠᠢ ᠠᠰᠠᠭᠤᠳᠠᠯ ᠢ ᠰᠤᠳᠤᠯᠤᠨ

ᠰᠢᠢᠳᠪᠦᠷᠢᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃

        ᠸᠠᠩ ᠯᠢ ᠰᠢᠶᠠ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠣᠯ ᠰᠢ ᠶᠢᠨ ᠫᠢᠩ ᠨᠥᠬᠦᠷ ᠢᠶᠠᠷ

ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠷᠭ᠎ᠠ ᠵᠠᠮ ᠮᠥᠨ᠃ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ

ᠪᠠᠲᠤ ᠡᠭᠦᠷᠭᠡᠯᠡᠵᠦ᠂ ᠣᠷᠣᠨ ᠲᠤᠭ᠎ᠠ ᠶᠢ ᠲᠣᠬᠢᠷᠠᠭᠤᠯᠬᠤ᠂ ᠠᠵᠢᠯ ᠤᠨ ᠪᠠᠶᠢᠷᠢ ᠶᠢ ᠰᠣᠯᠢᠵᠤ ᠡᠭᠡᠯᠵᠢᠯᠡᠬᠦ᠂ ᠪᠠᠭᠰᠢ ᠶᠢᠨ ᠪᠣᠯᠪᠠᠰᠤᠷᠠᠯ᠂ ᠵᠠᠷᠤᠳᠠᠯ ᠤᠨ ᠪᠠᠲᠤᠯᠠᠭ᠎ᠠ ᠵᠡᠷᠭᠡ

ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠢᠴᠢᠶᠡᠯ ᠲᠦᠷᠦᠯ ᠤᠨ ᠪᠠᠭᠰᠢ ᠲᠤᠲᠠᠭᠳᠠᠵᠤ ᠪᠠᠶᠢᠬᠤ ᠠᠰᠠᠭᠤᠳᠠᠯ ᠢ ᠲᠦᠷᠭᠡᠨ ᠢᠶᠠᠷ

ᠨᠥᠬᠦᠪᠦᠷᠢᠯᠡᠬᠦ ᠬᠡᠷᠡᠭᠲᠡᠢ᠃ ᠠᠵᠢᠯ ᠲᠦᠷᠦᠯ ᠢᠶᠠᠷ ᠢᠶᠠᠨ ᠲᠤᠰᠠᠯᠠᠬᠤ᠂ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ᠂ ᠪᠦᠯᠦᠭᠵᠢᠭᠦᠯᠦᠨ ᠰᠤᠷᠭᠠᠭᠤᠯᠢ

ᠡᠷᠭᠢᠯᠡᠭᠦ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠤᠷᠭᠠᠨ ᠬᠥᠮᠦᠵᠢᠯ ᠢ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾᠎ ᠶᠢᠨ

ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠤ ᠭᠠᠳᠠᠨᠠᠬᠢ ᠰᠢᠯᠢᠳᠡᠭ ᠡᠬᠢ ᠪᠠᠶᠠᠯᠢᠭ ᠢ ᠨᠡᠩ ᠰᠠᠶᠢᠲᠤᠷ ᠠᠰᠢᠭᠯᠠᠵᠤ᠂ ᠰᠤᠷᠭᠠᠨ ᠬᠥᠮᠦᠵᠢᠯ ᠤᠨ

ᠣᠶᠢᠯᠠᠭᠠᠭᠳᠠᠬᠤᠨ ᠢᠶᠠᠨ ᠰᠢᠨᠡᠴᠢᠯᠡᠵᠦ᠂ ᠵᠢᠭᠠᠨ ᠰᠤᠷᠭᠠᠯᠲᠠ ᠶᠢᠨ ᠠᠷᠭ᠎ᠠ ᠭᠡᠯᠪᠡᠷᠢ ᠪᠠᠨ ᠬᠤᠪᠢᠷᠠᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ

ᠳᠡᠭᠡᠭᠰᠢᠯᠡᠭᠦᠯᠵᠦ᠂ ᠤᠯᠠᠨ ᠲᠦᠮᠡᠨ ᠤ ᠡᠷᠡᠭᠡᠯᠵᠡᠯ ᠢ ᠦᠨᠳᠦᠰᠦᠨ ᠠᠴᠠ ᠨᠢ ᠠᠷᠢᠯᠭᠠᠵᠤ᠂ ᠰᠤᠷᠤᠬᠴᠢᠳ ᠤᠨ ᠬᠡᠪᠴᠢᠶ᠎ᠡ ᠶᠢ ᠲᠣᠭᠲᠠᠪᠤᠷᠢᠵᠢᠭᠤᠯᠬᠤ ᠬᠡᠷᠡᠭᠲᠡᠢ᠃ ᠡᠯ᠎ᠡ

ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠤᠬᠠᠮᠰᠠᠷ᠂ ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠵᠤ᠂ ᠦᠨᠳᠦᠰᠦᠨ

ᠱᠠᠲᠤ ᠡᠮᠦᠨ᠎ᠡ ᠹᠷᠣᠨᠲ᠂ ᠭᠤᠣᠯᠳᠠᠯᠭ᠎ᠠ ᠲᠠᠢ ᠭᠠᠵᠠᠷ ᠣᠷᠣᠨ ᠳᠤ ᠢᠯᠡᠭᠦᠬᠡᠨ ᠬᠦᠷᠴᠦ ᠠᠰᠠᠭᠤᠳᠠᠯ ᠢ ᠢᠯᠡᠷᠡᠭᠦᠯᠦᠨ ᠠᠰᠠᠭᠤᠳᠠᠯ ᠢ ᠰᠢᠢᠳᠪᠦᠷᠢᠯᠡᠵᠦ᠂ ᠤᠯᠤᠰ ᠤᠨ

ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ

ᠨᠠᠷᠢᠯᠢᠭᠵᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃

        ᠪᠦᠦ ᠰᠢᠶᠠᠨ ᠬᠤᠸᠠ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ