ᠤᠷᠠᠳ ᠤᠨ ᠬᠤᠶᠢᠲᠤ ᠬᠤᠰᠢᠭᠤ ᠡᠯᠡᠰᠦ ᠶᠢ ᠰᠡᠷᠬᠡᠶᠢᠯᠠᠨ ᠤᠢ ᠦᠢᠵᠢᠭᠤᠯᠵᠤ ᠤᠯᠠᠨ ᠲᠦᠮᠡᠨ ᠳᠤ ᠪᠤᠶᠠᠨ ᠤᠶᠢᠯᠡᠳᠴᠤ  ᠪᠤᠢ
ᠨᠡᠶᠢᠲᠡᠯᠡᠭᠰᠡᠨ ᠴᠠᠭ᠄
2023/10/23

        ᠤᠷᠠᠳ ᠤᠨ ᠬᠤᠶᠢᠲᠤ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠠᠷᠠᠲᠤ ᠬᠡᠰᠡᠭ ᠤᠨ ᠬᠢᠯᠢ ᠬᠢᠵᠠᠭᠠᠷ ᠲᠤ ᠪᠠᠶᠢᠷᠢᠯᠠᠵᠤ᠂

ᠭᠤᠪᠢ ᠶᠢᠨ ᠡᠯᠡᠰᠦᠨ ᠴᠦᠯ ᠤᠨ ᠭᠠᠵᠠᠷ ᠤᠨ ᠪᠠᠶᠢᠴᠠ ᠪᠠᠷ ᠭᠤᠣᠯ ᠪᠣᠯᠭᠠᠭᠰᠠᠨ ᠬᠤᠰᠢᠭᠤ ᠰᠢᠶᠠᠨ ᠪᠣᠯᠣᠨ᠎ᠠ᠂ ᠣᠶᠢᠷ᠎ᠠ ᠶᠢᠨ ᠵᠢᠯ ᠳᠤ᠂ ᠤᠷᠠᠳ ᠤᠨ ᠬᠤᠶᠢᠲᠤ

ᠬᠤᠰᠢᠭᠤᠨ ᠤ ᠬᠢᠨ ᠠᠮᠢ ᠠᠬᠤᠢ ᠶᠢ ᠬᠠᠮᠠᠭᠠᠯᠠᠬᠤ᠂ ᠬᠡᠯᠪᠡᠷᠢ ᠶᠢ ᠬᠤᠪᠢᠷᠠᠭᠤᠯᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠬᠥᠮᠥᠨ ᠤ ᠬᠦᠴᠦ ᠪᠠᠷ

ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠤᠢ ᠮᠣᠳᠣ  ᠲᠠᠷᠢᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠡᠯᠡᠰᠦᠨ ᠴᠦᠯ ᠢ ᠨᠣᠭᠤᠭᠠᠷᠠᠭᠤᠯᠬᠤ᠂ ᠠᠷᠠᠳ

ᠤᠯᠠᠨ ᠳᠤ ᠪᠤᠶᠠᠨ ᠦᠢᠯᠡᠳᠬᠦ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠦ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ

ᠠᠮᠢ ᠠᠬᠤᠢ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠡᠢ᠃

        ᠵᠤᠨ ᠤ ᠳᠡᠯᠭᠡᠷ ᠤᠯᠠᠷᠢᠯ ᠳᠤ᠂  ᠮᠤᠨᠢ ᠠᠭᠤᠯᠠ ᠶᠢᠨ ᠠᠷᠤ ᠬᠤᠷᠮᠣᠢ ᠶᠢᠨ  ᠪᠠᠶᠠᠨᠴᠢᠨᠳᠠᠮᠤᠨᠢ ᠰᠤᠮᠤᠨ ᠤ ᠲᠦᠮᠡᠨ ᠮᠦ  ᠵᠠᠭ ᠎ ᠤᠨ ᠦᠠᠲᠤᠰᠤᠨ ᠳᠤ

ᠴᠠᠭᠠᠨ ᠭᠤᠶᠣᠣ  ᠲᠠᠷᠢᠬᠤ ᠰᠠᠭᠤᠷᠢᠨ ᠭᠠᠵᠠᠷ ᠲᠤ᠂ ᠠᠵᠢᠯᠴᠢᠳ ᠨᠦᠬᠡ ᠮᠠᠯᠲᠠᠬᠤ᠂ ᠤᠰᠤ ᠤᠰᠤᠯᠠᠬᠤ᠂  ᠭᠤᠶᠣᠣ ᠲᠠᠷᠢᠬᠤ ᠪᠠᠷ ᠶᠠᠭᠠᠷᠠᠯᠳᠤᠨ᠎ᠠ᠃ ᠪᠠᠶᠠᠨᠴᠠᠭᠠᠨ

ᠭᠠᠴᠠᠭ᠎ᠠ ᠶᠢᠨ ᠨᠠᠮ ᠤᠨ ᠡᠭᠦᠷ ᠤᠨ ᠱᠦᠵᠢ ᠪᠦᠦ ᠢᠦᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠵᠢᠯ ᠤᠨ ᠰᠠᠭᠤᠷᠢᠨ ᠭᠠᠵᠠᠷ ᠲᠤ ᠰᠢᠨ᠎ᠡ ᠪᠠᠷ 5000 ᠮᠦ 

ᠬᠦᠮᠤᠨ ᠤ ᠬᠦᠴᠤ ᠪᠠᠷ ᠵᠠᠭ ᠳᠠᠷᠢᠵᠤ᠂ ᠨᠡᠶᠢᠲᠡ 1.8 ᠲᠦᠮᠡᠨ ᠮᠦ ᠳᠠᠷᠢᠵᠤ᠂ ᠡᠭᠦᠨ ᠳᠤ 7000 ᠮᠦ ᠨᠢ ᠭᠤᠶᠣᠣ ᠵᠠᠯᠭᠠᠵᠤ᠂ 2024 ᠣᠨ ᠤ ᠬᠠᠪᠤᠷ ᠪᠠ

ᠨᠠᠮᠤᠷ ᠤᠨ ᠤᠯᠠᠷᠢᠯ ᠤᠨ ᠬᠤᠷᠢᠶᠠᠯᠲᠠ ᠠᠪᠤᠭᠰᠠᠨ ᠤ ᠳᠠᠷᠠᠭ᠎ᠠ ᠨᠡᠶᠢᠲᠡ 420 ᠲᠦᠮᠡᠨ ᠲᠥᠭᠦᠷᠢᠭ ᠤᠨ ᠠᠰᠢᠭ ᠣᠷᠣᠯᠭ᠎ᠠ ᠤᠯᠬᠤ ᠪᠠᠷ ᠪᠠᠶᠢᠨ᠎ᠠ ᠭᠡᠵᠡᠢ᠃

ᠤᠷᠠᠳ ᠤᠨ ᠬᠤᠶᠢᠲᠤ ᠬᠤᠰᠢᠭᠤ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠡᠬᠢ ᠪᠠᠶᠠᠯᠢᠭ ᠲᠠᠭᠠᠨ ᠲᠦᠰᠢᠭᠯᠡᠨ᠂ ᠪᠠᠶᠠᠨᠴᠢᠨᠳᠠᠮᠤᠨᠢ ᠰᠤᠮᠤ᠂  ᠴᠤᠬᠠᠦ᠋ᠨᠳᠦᠷ 

ᠪᠠᠯᠭᠠᠰᠤ᠂ ᠬᠦᠭᠡᠴᠤ ᠰᠤᠮᠤ ᠳᠤ 4 ᠲᠦᠮᠡᠨ  ᠵᠠᠭ ᠎ ᠤᠨ ᠦᠠᠲᠤᠰᠤᠨ ᠳᠤ ᠴᠠᠭᠠᠨ ᠭᠤᠶᠣᠣ  ᠲᠠᠷᠢᠬᠤ ᠰᠠᠭᠤᠷᠢᠨ ᠭᠠᠵᠠᠷ ᠪᠠ 1 ᠬᠥᠮᠥᠨ ᠤ ᠬᠦᠴᠦ ᠪᠠᠷ ᠭᠤᠶᠣᠣ

ᠲᠠᠷᠢᠬᠤ ᠲᠦᠷᠦᠯ ᠵᠦᠢᠯ ᠤᠨ ᠲᠤᠷᠰᠢᠯᠲᠠ ᠶᠢᠨ ᠰᠠᠭᠤᠷᠢᠨ ᠭᠠᠵᠠᠷ ᠪᠠᠶᠢᠭᠤᠯᠵᠤ᠂ ᠲᠦᠷᠦᠯ ᠵᠦᠢᠯ ᠤᠨ ᠶᠡᠷᠦᠩᠬᠡᠢ ᠲᠠᠯᠠᠪᠠᠢ ᠨᠢ 4.6 ᠲᠦᠮᠡᠨ ᠮᠦ ᠳᠤ

ᠣᠶᠢᠷᠠᠳᠴᠠᠢ᠃

       ᠤᠷᠠᠳ ᠤᠨ ᠬᠤᠶᠢᠲᠤ ᠬᠤᠰᠢᠭᠤᠨ ᠤ ᠶᠡᠷᠦᠩᠬᠡᠢ ᠲᠠᠯᠠᠪᠠᠶ ᠨᠢ 2.5 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠠᠭᠤᠯᠠ ᠶᠢᠨ ᠠᠷᠤ ᠲᠠᠯ᠎ᠠ ᠶᠢᠨ ᠲᠠᠯᠠᠪᠠᠶ

᠎ ᠨᠢ 2.05 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠥᠷᠭᠡᠨ ᠠᠭᠤᠳᠠᠮ ᠬᠥᠪᠡᠭᠡ ᠬᠢᠵᠠᠭᠠᠷ ᠦᠭᠡᠢ ᠡᠯᠡᠰᠦᠨ ᠴᠥᠯ ᠤᠨ ᠲᠠᠯ᠎ᠠ ᠨᠤᠲᠤᠭ ᠲᠤ᠂ ᠮᠠᠰᠢ

ᠣᠯᠠᠨ ᠬᠥᠮᠥᠨ ᠤ ᠬᠦᠴᠦᠨ ᠳᠤ ᠬᠦᠷᠬᠦ ᠦᠭᠡᠢ ᠠᠯᠤᠰ ᠬᠤᠯᠠ ᠶᠢᠨ ᠡᠯᠡᠰᠦ᠂ ᠶᠡᠭᠡ ᠡᠯᠡᠰᠦ ᠶᠢ ᠨᠢᠰᠬᠡᠯ ᠢᠶᠠᠷ ᠳᠠᠷᠢᠵᠤ ᠣᠶᠢᠵᠢᠭᠤᠯᠬᠤ ᠮᠡᠷᠭᠡᠵᠢᠯ ᠢᠶᠠᠷ

ᠨᠣᠭᠤᠭᠠᠷᠠᠭᠤᠯᠤᠭᠰᠠᠨ ᠪᠠᠶᠢᠨ᠎ᠠ᠃ 23 ᠵᠢᠯ ᠤᠨ ᠶᠡᠷᠦᠩᠬᠡᠶᠢᠯᠡᠭᠰᠡᠨ ᠵᠠᠰᠠᠯᠲᠠ ᠪᠠᠷ ᠲᠠᠮᠵᠢᠨ᠂ ᠨᠡᠶᠢᠳᠡ 121.5 ᠲᠦᠮᠡᠨ ᠮᠦ ᠶᠢᠨ ᠣᠶᠢᠵᠢᠭᠤᠯᠤᠯᠲᠠ ᠶᠢᠨ

ᠲᠠᠯᠠᠪᠠᠢ ᠶᠢ ᠪᠡᠶᠡᠯᠡᠭᠦᠯᠵᠦ᠂ ᠨᠢᠰᠬᠡᠯ ᠢᠶᠠᠷ ᠲᠠᠷᠢᠬᠤ ᠲᠦᠷᠦᠯ ᠵᠦᠢᠯ ᠤᠨ ᠣᠷᠣᠨ ᠳᠤ ᠨᠢᠭᠡᠨᠲᠡ 50 ᠭᠠᠷᠤᠢ ᠲᠦᠮᠡᠨ ᠮᠦ ᠵᠠᠯᠭᠠᠯᠳᠤᠭᠰᠠᠨ ᠨᠣᠭᠤᠭᠠᠨ ᠪᠦᠷᠢᠳᠦ ᠶᠢ

ᠪᠦᠷᠢᠯᠳᠦᠭᠦᠯᠵᠡᠢ᠃ ᠬᠥᠮᠥᠨ ᠤ ᠬᠦᠴᠦ ᠪᠠᠷ ᠭᠤᠶᠣᠣ ᠲᠠᠷᠢᠵᠦ ᠪᠠᠶᠢᠭᠰᠠᠨ ᠠᠴᠠ ᠪᠠᠨ ᠨᠢᠰᠬᠡᠯ ᠢᠶᠠᠷ ᠲᠠᠷᠢᠵᠤ ᠣᠶᠢᠵᠢᠭᠤᠯᠬᠤ ᠪᠣᠯᠲᠠᠯ᠎ᠠ᠂ ᠠᠭᠤᠯᠠ ᠶᠢᠨ ᠠᠷᠤ ᠳᠠᠬᠢ

ᠴᠦᠯ ᠭᠠᠵᠠᠷ ᠣᠷᠣᠨ ᠳᠤ ︽ᠡᠯᠡᠰᠦ ᠤᠷᠤᠭᠰᠢᠯᠠᠵᠤ ᠬᠥᠮᠥᠨ ᠤᠬᠤᠷᠢᠬᠤ︾᠎ ᠠᠴᠠ ︽ᠬᠥᠮᠥᠨ ᠤᠷᠤᠭᠰᠢᠯᠠᠵᠤ ᠡᠯᠡᠰᠦ ᠤᠬᠤᠷᠢᠬᠤ︾ ᠲᠡᠦᠬᠡᠲᠦ ᠴᠢᠨᠠᠷᠲᠠᠢ

ᠬᠤᠪᠢᠷᠠᠯᠲᠠ ᠶᠢ ᠪᠡᠶᠡᠯᠡᠭᠦᠯᠵᠦ᠂ ᠠᠮᠢ ᠠᠬᠤᠢ ᠶᠢᠨ ᠠᠮᠢᠳᠤᠷᠠᠯ ᠢ ᠬᠠᠮᠲᠤ ᠳᠤᠨᠢ ᠬᠠᠷᠠᠭᠠᠯᠵᠠᠬᠤ᠂ ᠡᠯᠡᠰᠦ ᠶᠢ ᠵᠠᠰᠠᠵᠤ ᠪᠠᠶᠠᠵᠢᠭᠤᠯᠤᠨ ᠬᠠᠮᠲᠤ ᠪᠠᠷ ᠠᠰᠢᠭ ᠬᠦᠷᠳᠡᠬᠦ

ᠰᠢᠨ᠎ᠡ ᠵᠠᠮ ᠢ ᠨᠡᠭᠡᠭᠡᠵᠡᠢ᠃ ︽ᠤᠮᠠᠷᠠᠰᠢ ᠪᠢᠲᠡᠭᠦᠮᠵᠢᠯᠡᠵᠦ ᠡᠮᠦᠨᠡᠰᠢ ᠤᠶᠢᠵᠢᠭᠤᠯᠬᠤ ᠪᠠᠷᠠᠭᠤᠨᠰᠢ ᠨᠢᠰᠴᠦ ᠵᠡᠭᠦᠨᠰᠢ ᠬᠠᠮᠠᠭᠠᠯᠠᠬᠤ︾ ᠪᠠᠶᠢᠷᠢᠯᠠᠭᠤᠯᠤᠯᠲᠠ ᠶᠢᠨ

ᠶᠣᠰᠣᠭᠠᠷ᠂ ᠤᠷᠠᠳ ᠤᠨ ᠬᠤᠶᠢᠲᠤ ᠬᠤᠰᠢᠭᠤ ᠤᠷᠢᠳ ᠬᠤᠵᠢᠳ ︽ᠤᠮᠠᠷᠠᠲᠤ ᠶᠢᠨ ᠭᠤᠷᠪᠠᠨ ᠣᠷᠣᠨ︾ ᠎ ᠤ ᠬᠠᠯᠬᠠᠪᠴᠢ ᠤᠢ᠂ ᠪᠡᠭᠡᠵᠢᠩ ᠲᠢᠶᠠᠨᠵᠢᠨ ᠤ ᠰᠠᠯᠬᠢ

ᠡᠯᠡᠰᠦᠨ ᠤ ᠡᠬᠢ ᠰᠤᠷᠪᠤᠯᠵᠢ ᠶᠢ ᠵᠠᠰᠠᠬᠤ ᠢᠨᠵᠧᠨᠧᠷᠢᠩ᠂ ᠪᠠᠶᠢᠭᠠᠯᠢ ᠶᠢᠨ ᠤᠢ ᠰᠢᠭᠤᠢ ᠶᠢ ᠬᠠᠮᠠᠭᠠᠯᠠᠬᠤ ᠢᠨᠵᠧᠨᠧᠷᠢᠩ᠂ ᠬᠡᠪᠴᠢᠶᠡᠵᠢᠭᠦᠯᠦᠨ ᠡᠯᠡᠰᠦ ᠶᠢ

ᠰᠡᠷᠭᠡᠶᠢᠯᠡᠵᠦ ᠡᠯᠡᠰᠦ ᠶᠢ ᠵᠠᠰᠠᠬᠤ᠂ ᠪᠢᠲᠡᠭᠦᠮᠵᠢᠯᠡᠨ ᠬᠠᠮᠠᠭᠠᠯᠠᠬᠤ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ᠂ ᠨᠤᠲᠤᠭ ᠪᠡᠯᠴᠢᠭᠡᠷ ᠤᠨ

ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠤᠢ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠳᠦᠷᠦᠯ

ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠠᠴᠠ 5.1  ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠮᠢ ᠠᠬᠤᠢ ᠶᠢᠨ ᠪᠦᠲᠦᠭᠡᠨ

ᠪᠠᠶᠢᠭᠤᠯᠤᠯᠲᠠ ᠶᠢᠨ ᠲᠠᠯᠠᠪᠠᠢ ᠶᠢ 347.23 ᠲᠦᠮᠡᠨ  ᠮᠤ᠋  ᠪᠡᠶᠡᠯᠡᠭᠦᠯᠵᠡᠢ᠃

         2022 — 2035 ᠣᠨ ᠳᠤ᠂ ᠤᠷᠠᠳ ᠤᠨ ᠬᠤᠶᠢᠲᠤ ᠬᠤᠰᠢᠭᠤ 40 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠷᠠᠳ ᠤᠨ

ᠬᠤᠶᠢᠲᠤ ᠬᠤᠰᠢᠭᠤᠨ ᠤ ᠤᠮᠠᠷᠠᠲᠤ ᠬᠢᠯᠢ ᠶᠢᠨ ᠪᠥᠬᠦ ᠣᠷᠣᠨ ᠪᠦᠰᠡ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ

ᠲᠥᠯᠥᠪᠯᠡᠵᠦ ᠪᠣᠶ᠂ ᠬᠡᠷᠡᠭᠵᠢᠭᠦᠯᠦᠭᠰᠡᠨ ᠲᠠᠯᠠᠪᠠᠶ ᠨᠢ 1498.46 ᠲᠦᠮᠡᠨ ᠮᠦ ᠪᠠᠶᠢᠵᠤ᠂ ᠭᠤᠣᠯᠳᠠᠭᠤ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ

ᠰᠡᠷᠭᠦᠭᠡᠬᠦ᠂ ᠪᠣᠳᠠ ᠮᠣᠳᠣ ᠪᠠᠷ ᠣᠶᠢᠵᠢᠭᠤᠯᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ 11 ᠲᠠᠯ᠎ᠠ ᠶᠢ ᠪᠠᠭᠲᠠᠭᠠᠵᠤ᠂

ᠲᠥᠷᠥᠯ ᠵᠦᠢᠯ ᠢ ᠪᠦᠯᠦᠭ  ᠬᠤᠪᠢᠶᠠᠨ᠂ ᠵᠢᠯ ᠳᠠᠷᠠᠭᠠᠯᠠᠨ ᠲᠥᠯᠥᠪᠵᠢᠭᠦᠯᠦᠨ  ᠬᠡᠷᠡᠭᠵᠢᠬᠦᠯᠬᠦ ᠪᠠᠷ ᠪᠠᠶᠢᠨ᠎ᠠ᠃

   

                           ᠲᠤᠩᠭᠠᠯᠠᠭ   ᠵᠠᠩ ᠶᠠ ᠨᠠᠨ     ᠳ᠋ᠦ᠋ ᠴᠦᠨ

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ