| ᠤᠷᠠᠳ ᠤᠨ ᠬᠤᠶᠢᠲᠤ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠠᠷᠠᠲᠤ ᠬᠡᠰᠡᠭ ᠤᠨ ᠬᠢᠯᠢ ᠬᠢᠵᠠᠭᠠᠷ ᠲᠤ ᠪᠠᠶᠢᠷᠢᠯᠠᠵᠤ᠂ | ᠭᠤᠪᠢ ᠶᠢᠨ ᠡᠯᠡᠰᠦᠨ ᠴᠦᠯ ᠤᠨ ᠭᠠᠵᠠᠷ ᠤᠨ ᠪᠠᠶᠢᠴᠠ ᠪᠠᠷ ᠭᠤᠣᠯ ᠪᠣᠯᠭᠠᠭᠰᠠᠨ ᠬᠤᠰᠢᠭᠤ ᠰᠢᠶᠠᠨ ᠪᠣᠯᠣᠨ᠎ᠠ᠂ ᠣᠶᠢᠷ᠎ᠠ ᠶᠢᠨ ᠵᠢᠯ ᠳᠤ᠂ ᠤᠷᠠᠳ ᠤᠨ ᠬᠤᠶᠢᠲᠤ | ᠬᠤᠰᠢᠭᠤᠨ ᠤ ᠬᠢᠨ ᠠᠮᠢ ᠠᠬᠤᠢ ᠶᠢ ᠬᠠᠮᠠᠭᠠᠯᠠᠬᠤ᠂ ᠬᠡᠯᠪᠡᠷᠢ ᠶᠢ ᠬᠤᠪᠢᠷᠠᠭᠤᠯᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠬᠥᠮᠥᠨ ᠤ ᠬᠦᠴᠦ ᠪᠠᠷ | ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠤᠢ ᠮᠣᠳᠣ ᠲᠠᠷᠢᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠡᠯᠡᠰᠦᠨ ᠴᠦᠯ ᠢ ᠨᠣᠭᠤᠭᠠᠷᠠᠭᠤᠯᠬᠤ᠂ ᠠᠷᠠᠳ | ᠤᠯᠠᠨ ᠳᠤ ᠪᠤᠶᠠᠨ ᠦᠢᠯᠡᠳᠬᠦ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠦ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ | ᠠᠮᠢ ᠠᠬᠤᠢ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠡᠢ᠃ | ᠵᠤᠨ ᠤ ᠳᠡᠯᠭᠡᠷ ᠤᠯᠠᠷᠢᠯ ᠳᠤ᠂ ᠮᠤᠨᠢ ᠠᠭᠤᠯᠠ ᠶᠢᠨ ᠠᠷᠤ ᠬᠤᠷᠮᠣᠢ ᠶᠢᠨ ᠪᠠᠶᠠᠨᠴᠢᠨᠳᠠᠮᠤᠨᠢ ᠰᠤᠮᠤᠨ ᠤ ᠲᠦᠮᠡᠨ ᠮᠦ ᠵᠠᠭ ᠤᠨ ᠦᠠᠲᠤᠰᠤᠨ ᠳᠤ | ᠴᠠᠭᠠᠨ ᠭᠤᠶᠣᠣ ᠲᠠᠷᠢᠬᠤ ᠰᠠᠭᠤᠷᠢᠨ ᠭᠠᠵᠠᠷ ᠲᠤ᠂ ᠠᠵᠢᠯᠴᠢᠳ ᠨᠦᠬᠡ ᠮᠠᠯᠲᠠᠬᠤ᠂ ᠤᠰᠤ ᠤᠰᠤᠯᠠᠬᠤ᠂ ᠭᠤᠶᠣᠣ ᠲᠠᠷᠢᠬᠤ ᠪᠠᠷ ᠶᠠᠭᠠᠷᠠᠯᠳᠤᠨ᠎ᠠ᠃ ᠪᠠᠶᠠᠨᠴᠠᠭᠠᠨ | ᠭᠠᠴᠠᠭ᠎ᠠ ᠶᠢᠨ ᠨᠠᠮ ᠤᠨ ᠡᠭᠦᠷ ᠤᠨ ᠱᠦᠵᠢ ᠪᠦᠦ ᠢᠦᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠵᠢᠯ ᠤᠨ ᠰᠠᠭᠤᠷᠢᠨ ᠭᠠᠵᠠᠷ ᠲᠤ ᠰᠢᠨ᠎ᠡ ᠪᠠᠷ 5000 ᠮᠦ | ᠬᠦᠮᠤᠨ ᠤ ᠬᠦᠴᠤ ᠪᠠᠷ ᠵᠠᠭ ᠳᠠᠷᠢᠵᠤ᠂ ᠨᠡᠶᠢᠲᠡ 1.8 ᠲᠦᠮᠡᠨ ᠮᠦ ᠳᠠᠷᠢᠵᠤ᠂ ᠡᠭᠦᠨ ᠳᠤ 7000 ᠮᠦ ᠨᠢ ᠭᠤᠶᠣᠣ ᠵᠠᠯᠭᠠᠵᠤ᠂ 2024 ᠣᠨ ᠤ ᠬᠠᠪᠤᠷ ᠪᠠ | ᠨᠠᠮᠤᠷ ᠤᠨ ᠤᠯᠠᠷᠢᠯ ᠤᠨ ᠬᠤᠷᠢᠶᠠᠯᠲᠠ ᠠᠪᠤᠭᠰᠠᠨ ᠤ ᠳᠠᠷᠠᠭ᠎ᠠ ᠨᠡᠶᠢᠲᠡ 420 ᠲᠦᠮᠡᠨ ᠲᠥᠭᠦᠷᠢᠭ ᠤᠨ ᠠᠰᠢᠭ ᠣᠷᠣᠯᠭ᠎ᠠ ᠤᠯᠬᠤ ᠪᠠᠷ ᠪᠠᠶᠢᠨ᠎ᠠ ᠭᠡᠵᠡᠢ᠃ | ᠤᠷᠠᠳ ᠤᠨ ᠬᠤᠶᠢᠲᠤ ᠬᠤᠰᠢᠭᠤ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠡᠬᠢ ᠪᠠᠶᠠᠯᠢᠭ ᠲᠠᠭᠠᠨ ᠲᠦᠰᠢᠭᠯᠡᠨ᠂ ᠪᠠᠶᠠᠨᠴᠢᠨᠳᠠᠮᠤᠨᠢ ᠰᠤᠮᠤ᠂ ᠴᠤᠬᠠᠦ᠋ᠨᠳᠦᠷ | ᠪᠠᠯᠭᠠᠰᠤ᠂ ᠬᠦᠭᠡᠴᠤ ᠰᠤᠮᠤ ᠳᠤ 4 ᠲᠦᠮᠡᠨ ᠵᠠᠭ ᠤᠨ ᠦᠠᠲᠤᠰᠤᠨ ᠳᠤ ᠴᠠᠭᠠᠨ ᠭᠤᠶᠣᠣ ᠲᠠᠷᠢᠬᠤ ᠰᠠᠭᠤᠷᠢᠨ ᠭᠠᠵᠠᠷ ᠪᠠ 1 ᠬᠥᠮᠥᠨ ᠤ ᠬᠦᠴᠦ ᠪᠠᠷ ᠭᠤᠶᠣᠣ | ᠲᠠᠷᠢᠬᠤ ᠲᠦᠷᠦᠯ ᠵᠦᠢᠯ ᠤᠨ ᠲᠤᠷᠰᠢᠯᠲᠠ ᠶᠢᠨ ᠰᠠᠭᠤᠷᠢᠨ ᠭᠠᠵᠠᠷ ᠪᠠᠶᠢᠭᠤᠯᠵᠤ᠂ ᠲᠦᠷᠦᠯ ᠵᠦᠢᠯ ᠤᠨ ᠶᠡᠷᠦᠩᠬᠡᠢ ᠲᠠᠯᠠᠪᠠᠢ ᠨᠢ 4.6 ᠲᠦᠮᠡᠨ ᠮᠦ ᠳᠤ | ᠣᠶᠢᠷᠠᠳᠴᠠᠢ᠃ | ᠤᠷᠠᠳ ᠤᠨ ᠬᠤᠶᠢᠲᠤ ᠬᠤᠰᠢᠭᠤᠨ ᠤ ᠶᠡᠷᠦᠩᠬᠡᠢ ᠲᠠᠯᠠᠪᠠᠶ ᠨᠢ 2.5 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠠᠭᠤᠯᠠ ᠶᠢᠨ ᠠᠷᠤ ᠲᠠᠯ᠎ᠠ ᠶᠢᠨ ᠲᠠᠯᠠᠪᠠᠶ | ᠨᠢ 2.05 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠥᠷᠭᠡᠨ ᠠᠭᠤᠳᠠᠮ ᠬᠥᠪᠡᠭᠡ ᠬᠢᠵᠠᠭᠠᠷ ᠦᠭᠡᠢ ᠡᠯᠡᠰᠦᠨ ᠴᠥᠯ ᠤᠨ ᠲᠠᠯ᠎ᠠ ᠨᠤᠲᠤᠭ ᠲᠤ᠂ ᠮᠠᠰᠢ | ᠣᠯᠠᠨ ᠬᠥᠮᠥᠨ ᠤ ᠬᠦᠴᠦᠨ ᠳᠤ ᠬᠦᠷᠬᠦ ᠦᠭᠡᠢ ᠠᠯᠤᠰ ᠬᠤᠯᠠ ᠶᠢᠨ ᠡᠯᠡᠰᠦ᠂ ᠶᠡᠭᠡ ᠡᠯᠡᠰᠦ ᠶᠢ ᠨᠢᠰᠬᠡᠯ ᠢᠶᠠᠷ ᠳᠠᠷᠢᠵᠤ ᠣᠶᠢᠵᠢᠭᠤᠯᠬᠤ ᠮᠡᠷᠭᠡᠵᠢᠯ ᠢᠶᠠᠷ | ᠨᠣᠭᠤᠭᠠᠷᠠᠭᠤᠯᠤᠭᠰᠠᠨ ᠪᠠᠶᠢᠨ᠎ᠠ᠃ 23 ᠵᠢᠯ ᠤᠨ ᠶᠡᠷᠦᠩᠬᠡᠶᠢᠯᠡᠭᠰᠡᠨ ᠵᠠᠰᠠᠯᠲᠠ ᠪᠠᠷ ᠲᠠᠮᠵᠢᠨ᠂ ᠨᠡᠶᠢᠳᠡ 121.5 ᠲᠦᠮᠡᠨ ᠮᠦ ᠶᠢᠨ ᠣᠶᠢᠵᠢᠭᠤᠯᠤᠯᠲᠠ ᠶᠢᠨ | ᠲᠠᠯᠠᠪᠠᠢ ᠶᠢ ᠪᠡᠶᠡᠯᠡᠭᠦᠯᠵᠦ᠂ ᠨᠢᠰᠬᠡᠯ ᠢᠶᠠᠷ ᠲᠠᠷᠢᠬᠤ ᠲᠦᠷᠦᠯ ᠵᠦᠢᠯ ᠤᠨ ᠣᠷᠣᠨ ᠳᠤ ᠨᠢᠭᠡᠨᠲᠡ 50 ᠭᠠᠷᠤᠢ ᠲᠦᠮᠡᠨ ᠮᠦ ᠵᠠᠯᠭᠠᠯᠳᠤᠭᠰᠠᠨ ᠨᠣᠭᠤᠭᠠᠨ ᠪᠦᠷᠢᠳᠦ ᠶᠢ | ᠪᠦᠷᠢᠯᠳᠦᠭᠦᠯᠵᠡᠢ᠃ ᠬᠥᠮᠥᠨ ᠤ ᠬᠦᠴᠦ ᠪᠠᠷ ᠭᠤᠶᠣᠣ ᠲᠠᠷᠢᠵᠦ ᠪᠠᠶᠢᠭᠰᠠᠨ ᠠᠴᠠ ᠪᠠᠨ ᠨᠢᠰᠬᠡᠯ ᠢᠶᠠᠷ ᠲᠠᠷᠢᠵᠤ ᠣᠶᠢᠵᠢᠭᠤᠯᠬᠤ ᠪᠣᠯᠲᠠᠯ᠎ᠠ᠂ ᠠᠭᠤᠯᠠ ᠶᠢᠨ ᠠᠷᠤ ᠳᠠᠬᠢ | ᠴᠦᠯ ᠭᠠᠵᠠᠷ ᠣᠷᠣᠨ ᠳᠤ ︽ᠡᠯᠡᠰᠦ ᠤᠷᠤᠭᠰᠢᠯᠠᠵᠤ ᠬᠥᠮᠥᠨ ᠤᠬᠤᠷᠢᠬᠤ︾ ᠠᠴᠠ ︽ᠬᠥᠮᠥᠨ ᠤᠷᠤᠭᠰᠢᠯᠠᠵᠤ ᠡᠯᠡᠰᠦ ᠤᠬᠤᠷᠢᠬᠤ︾ ᠲᠡᠦᠬᠡᠲᠦ ᠴᠢᠨᠠᠷᠲᠠᠢ | ᠬᠤᠪᠢᠷᠠᠯᠲᠠ ᠶᠢ ᠪᠡᠶᠡᠯᠡᠭᠦᠯᠵᠦ᠂ ᠠᠮᠢ ᠠᠬᠤᠢ ᠶᠢᠨ ᠠᠮᠢᠳᠤᠷᠠᠯ ᠢ ᠬᠠᠮᠲᠤ ᠳᠤᠨᠢ ᠬᠠᠷᠠᠭᠠᠯᠵᠠᠬᠤ᠂ ᠡᠯᠡᠰᠦ ᠶᠢ ᠵᠠᠰᠠᠵᠤ ᠪᠠᠶᠠᠵᠢᠭᠤᠯᠤᠨ ᠬᠠᠮᠲᠤ ᠪᠠᠷ ᠠᠰᠢᠭ ᠬᠦᠷᠳᠡᠬᠦ | ᠰᠢᠨ᠎ᠡ ᠵᠠᠮ ᠢ ᠨᠡᠭᠡᠭᠡᠵᠡᠢ᠃ ︽ᠤᠮᠠᠷᠠᠰᠢ ᠪᠢᠲᠡᠭᠦᠮᠵᠢᠯᠡᠵᠦ ᠡᠮᠦᠨᠡᠰᠢ ᠤᠶᠢᠵᠢᠭᠤᠯᠬᠤ ᠪᠠᠷᠠᠭᠤᠨᠰᠢ ᠨᠢᠰᠴᠦ ᠵᠡᠭᠦᠨᠰᠢ ᠬᠠᠮᠠᠭᠠᠯᠠᠬᠤ︾ ᠪᠠᠶᠢᠷᠢᠯᠠᠭᠤᠯᠤᠯᠲᠠ ᠶᠢᠨ | ᠶᠣᠰᠣᠭᠠᠷ᠂ ᠤᠷᠠᠳ ᠤᠨ ᠬᠤᠶᠢᠲᠤ ᠬᠤᠰᠢᠭᠤ ᠤᠷᠢᠳ ᠬᠤᠵᠢᠳ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ᠂ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠰᠤᠷᠪᠤᠯᠵᠢ ᠶᠢ ᠵᠠᠰᠠᠬᠤ ᠢᠨᠵᠧᠨᠧᠷᠢᠩ᠂ ᠪᠠᠶᠢᠭᠠᠯᠢ ᠶᠢᠨ ᠤᠢ ᠰᠢᠭᠤᠢ ᠶᠢ ᠬᠠᠮᠠᠭᠠᠯᠠᠬᠤ ᠢᠨᠵᠧᠨᠧᠷᠢᠩ᠂ ᠬᠡᠪᠴᠢᠶᠡᠵᠢᠭᠦᠯᠦᠨ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ᠂ ᠪᠢᠲᠡᠭᠦᠮᠵᠢᠯᠡᠨ ᠬᠠᠮᠠᠭᠠᠯᠠᠬᠤ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ᠂ ᠨᠤᠲᠤᠭ ᠪᠡᠯᠴᠢᠭᠡᠷ ᠤᠨ | ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠤᠢ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠳᠦᠷᠦᠯ | ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠠᠴᠠ 5.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠠᠯᠠᠪᠠᠢ ᠶᠢ 347.23 ᠲᠦᠮᠡᠨ ᠮᠤ᠋ ᠪᠡᠶᠡᠯᠡᠭᠦᠯᠵᠡᠢ᠃ | 2022 — 2035 ᠣᠨ ᠳᠤ᠂ ᠤᠷᠠᠳ ᠤᠨ ᠬᠤᠶᠢᠲᠤ ᠬᠤᠰᠢᠭᠤ 40 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠷᠠᠳ ᠤᠨ | ᠬᠤᠶᠢᠲᠤ ᠬᠤᠰᠢᠭᠤᠨ ᠤ ᠤᠮᠠᠷᠠᠲᠤ ᠬᠢᠯᠢ ᠶᠢᠨ ᠪᠥᠬᠦ ᠣᠷᠣᠨ ᠪᠦᠰᠡ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ | ᠲᠥᠯᠥᠪᠯᠡᠵᠦ ᠪᠣᠶ᠂ ᠬᠡᠷᠡᠭᠵᠢᠭᠦᠯᠦᠭᠰᠡᠨ ᠲᠠᠯᠠᠪᠠᠶ ᠨᠢ 1498.46 ᠲᠦᠮᠡᠨ ᠮᠦ ᠪᠠᠶᠢᠵᠤ᠂ ᠭᠤᠣᠯᠳᠠᠭᠤ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ | ᠰᠡᠷᠭᠦᠭᠡᠬᠦ᠂ ᠪᠣᠳᠠ ᠮᠣᠳᠣ ᠪᠠᠷ ᠣᠶᠢᠵᠢᠭᠤᠯᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ 11 ᠲᠠᠯ᠎ᠠ ᠶᠢ ᠪᠠᠭᠲᠠᠭᠠᠵᠤ᠂ | ᠲᠥᠷᠥᠯ ᠵᠦᠢᠯ ᠢ ᠪᠦᠯᠦᠭ ᠬᠤᠪᠢᠶᠠᠨ᠂ ᠵᠢᠯ ᠳᠠᠷᠠᠭᠠᠯᠠᠨ ᠲᠥᠯᠥᠪᠵᠢᠭᠦᠯᠦᠨ ᠬᠡᠷᠡᠭᠵᠢᠬᠦᠯᠬᠦ ᠪᠠᠷ ᠪᠠᠶᠢᠨ᠎ᠠ᠃ | | ᠲᠤᠩᠭᠠᠯᠠᠭ ᠵᠠᠩ ᠶᠠ ᠨᠠᠨ ᠳ᠋ᠦ᠋ ᠴᠦᠨ |