ᠮᠠᠨ ᠤ ᠣᠷᠣᠨ ᠮᠡᠳᠡᠯᠭᠡ ᠶᠢᠨ ᠥᠮᠴᠢᠯᠡᠯ ᠤᠨ ᠡᠷᠬᠡ ᠶᠢ ︽ᠬᠥᠷᠥᠩᠭᠡ︾ ᠪᠣᠯᠭᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/10/25

        ᠮᠡᠳᠡᠯᠭᠡ ᠶᠢᠨ ᠥᠮᠴᠢᠯᠡᠯ ᠤᠨ ᠡᠷᠬᠡ ᠨᠢ ᠰᠢᠨ᠎ᠡ ᠶᠢ ᠡᠭᠦᠳᠬᠦ ᠪᠠ ᠵᠠᠬ᠎ᠠ ᠳᠡᠯᠭᠡᠭᠦᠷ ᠲᠠᠢ ᠬᠤᠯᠪᠣᠯᠳᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠦᠷ᠎ᠡ ᠪᠦᠲᠦᠭᠡᠯ ᠪᠣᠯᠣᠨ ᠪᠣᠳᠠᠲᠤ ᠦᠢᠯᠡᠳᠪᠦᠷᠢᠯᠡᠯ ᠤᠨ ᠬᠦᠴᠦᠨ ᠤ ᠬᠤᠭᠤᠷᠣᠨᠳᠣᠬᠢ ᠴᠢᠬᠤᠯᠠ ᠬᠤᠯᠪᠣᠭᠠᠰᠤ ᠪᠣᠯᠳᠠᠭ᠃ ᠣᠶᠢᠷ᠎ᠠ ᠶᠢᠨ ᠵᠢᠯ ᠤᠳ ᠲᠤ᠂

ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶

ᠬᠠᠮᠠᠭᠠᠯᠠᠬᠤ᠂ ᠰᠢᠨ᠎ᠡ ᠶᠢ ᠡᠭᠦᠳᠬᠦ᠂ ᠬᠢᠨᠠᠨ ᠬᠠᠮᠢᠶᠠᠷᠬᠤ᠂ ᠦᠢᠯᠡᠴᠢᠯᠡᠬᠦ 4 ᠲᠠᠯ᠎ᠠ ᠠᠴᠠ ᠭᠠᠷᠳᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠪᠠᠷ ᠣᠷᠣᠨ ᠢᠶᠠᠨ

ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠴᠥᠭᠡᠨ ᠪᠤᠰᠤ ᠠᠵᠤ ᠠᠬᠤᠶᠢᠯᠠᠯ ᠤᠨ ︽ᠲᠤᠰᠬᠠᠢ ᠠᠰᠢᠭ︾᠎ ᠢ ︽ᠴᠡᠪᠡᠷ

ᠠᠰᠢᠭ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ︽ᠬᠥᠷᠥᠩᠭᠡ︾ ᠪᠣᠯᠭᠠᠨ ᠬᠤᠪᠢᠷᠠᠭᠤᠯᠵᠤ ᠪᠠᠶᠢᠨ᠎ᠠ᠃ 2022

ᠣᠨ ᠠᠴᠠ ᠨᠠᠭᠠᠰᠢ᠂ ᠪᠥᠬᠦ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠶᠢᠨ ᠪᠡᠯᠡ ᠲᠣᠬᠢᠷᠠᠭᠤᠯᠭ᠎ᠠ ᠶᠢᠨ ᠵᠣᠭᠤᠰ ᠤᠨ ᠲᠤᠭ᠎ᠠ 55.5

ᠳ᠋ᠦᠩᠰᠢᠭᠤᠷ ᠲᠥᠭᠦᠷᠢᠭ ᠲᠤ ᠬᠦᠷᠴᠦ᠂ ᠳᠠᠨᠵᠢᠯᠠᠭ᠎ᠠ ᠶᠢᠨ ᠲᠥᠷᠥᠯ ᠵᠦᠢᠯ 273 ᠪᠣᠯᠪᠠ᠃

        ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠲᠠᠯ᠎ᠠ ᠪᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠲᠤᠰᠬᠠᠢ ᠠᠰᠢᠭ ᠤᠨ ᠡᠷᠬᠡ ᠶᠢ ᠠᠬᠢᠭᠤᠯᠬᠤ ᠪᠠ ᠬᠠᠮᠠᠭᠠᠯᠠᠬᠤ ᠳᠦᠷᠢᠮ︾᠎ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠥᠪᠯᠡᠭᠦᠯᠵᠦ᠂ 12 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠣᠢ︔ ᠮᠡᠳᠡᠯᠭᠡ ᠶᠢᠨ

ᠥᠮᠴᠢᠯᠡᠯ ᠤᠨ ᠡᠷᠬᠡ ᠶᠢ ᠬᠠᠮᠠᠭᠠᠯᠠᠵᠤ ᠰᠢᠨ᠎ᠡ ᠶᠢ ᠡᠭᠦᠳᠬᠦ ᠶᠢ ᠠᠬᠢᠭᠤᠯᠬᠤ ᠲᠠᠯ᠎ᠠ ᠪᠠᠷ᠂ ᠨᠢᠭᠡ ᠪᠦᠯᠦᠭ ᠨᠡᠯᠢᠶᠡᠳ ᠴᠢᠩᠭ᠎ᠠ ᠨᠥᠯᠥᠭᠡᠯᠡᠬᠦ ᠬᠦᠴᠦᠨ ᠲᠠᠢ ᠣᠷᠣᠨ

ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠵᠤ᠂ ︽ᠬᠢᠩᠭᠠᠨ ᠠᠶᠢᠮᠠᠭ ᠤᠨ ᠲᠤᠲᠤᠷᠭ᠎ᠠ︾ ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠠᠵᠠᠷ

ᠵᠦᠢ ᠶᠢᠨ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠤᠨ ᠲᠥᠷᠥᠯ ᠵᠦᠢᠯ ᠢ 22 ᠬᠡᠷᠡᠭᠵᠢᠭᠦᠯᠵᠦ᠂ ᠭᠠᠵᠠᠷ ᠵᠦᠢ ᠶᠢᠨ ᠲᠤᠰᠬᠠᠢ ᠬᠡᠷᠡᠭᠯᠡᠭᠡᠨ ᠤ

ᠲᠡᠮᠳᠡᠭ ᠢ ᠬᠡᠷᠡᠭᠯᠡᠵᠦ ᠡᠵᠡᠩᠨᠡᠬᠦ ᠭᠤᠣᠯ ᠴᠣᠭᠴᠠ ᠶᠢ 350 ᠪᠣᠯᠭᠠᠵᠤ᠂ ᠭᠠᠵᠠᠷ ᠵᠦᠢ ᠶᠢᠨ ᠲᠡᠮᠳᠡᠭᠲᠦ ᠦᠢᠯᠡᠳᠬᠦᠨ ᠤ ᠵᠢᠯ ᠤᠨ ᠰᠢᠭᠤᠳ ᠦᠢᠯᠡᠳᠬᠦᠨ ᠤ

ᠥᠷᠲᠡᠭ ᠢ 280 ᠳ᠋ᠦᠩᠰᠢᠭᠤᠷ ᠲᠥᠭᠦᠷᠢᠭ ᠲᠤ ᠬᠦᠷᠭᠡᠪᠡ︔ ᠪᠥᠬᠦ ᠬᠡᠯᠬᠢᠶ᠎ᠡ ᠶᠢᠨ ᠬᠠᠤᠯᠢ ᠬᠡᠷᠡᠭᠵᠢᠭᠦᠯᠬᠦ ᠬᠠᠮᠠᠭᠠᠯᠠᠯᠲᠠ ᠶᠢ ᠴᠢᠩᠭᠠᠳᠬᠠᠬᠤ ᠲᠠᠯ᠎ᠠ ᠪᠠᠷ᠂

ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠷᠭᠠᠴᠠᠭᠠᠨ ᠵᠢᠯᠤᠭᠤᠳᠬᠤ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠢ

ᠪᠠᠶᠢᠭᠤᠯᠪᠠ᠃ ᠣᠳᠣᠬᠠᠨ ᠳᠤ᠂ ᠣᠷᠣᠨ ᠤ ᠳᠣᠲᠣᠷᠠᠬᠢ ᠠᠶᠢᠮᠠᠭ ᠬᠤᠲᠠ ᠶᠢ ᠪᠦᠬᠦᠨ ᠢ ᠬᠠᠮᠤᠷᠤᠭᠰᠠᠨ᠂ ᠡᠷᠬᠢᠨ ᠲᠣᠭᠤᠷᠢᠨ ᠤ ᠮᠤᠵᠢ ᠣᠷᠣᠨ ᠢ ᠪᠦᠬᠦᠨ ᠢ

ᠬᠤᠯᠪᠣᠭᠰᠠᠨ᠂ ᠭᠤᠣᠯᠳᠠᠯᠭ᠎ᠠ ᠲᠠᠢ ᠮᠤᠵᠢ ᠬᠤᠲᠠ ᠶᠢᠨ ᠬᠠᠮᠵᠢᠯᠴᠠᠭ᠎ᠠ ᠲᠠᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠬᠠᠮᠵᠢᠯᠴᠠᠬᠤ

ᠲᠣᠭᠲᠠᠴᠠ ᠶᠢ ᠠᠩᠬ᠎ᠠ ᠠᠯᠬᠤᠮ ᠪᠠᠶᠢᠭᠤᠯᠪᠠ︔ ᠶᠡᠷᠦᠩᠬᠡᠶᠢᠯᠡᠨ ᠬᠠᠮᠠᠭᠠᠯᠠᠬᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠤᠯᠤᠰ ᠤᠨ

ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ ᠶᠢᠨ ᠲᠥᠪ ᠲᠤ ᠲᠦᠰᠢᠭᠯᠡᠨ᠂ ᠥᠪᠥᠷ ᠮᠣᠩᠭᠤᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ

ᠨᠡᠶᠢᠲᠡ ᠶᠢᠨ ᠦᠢᠯᠡᠴᠢᠯᠡᠭᠡᠨ ︵ᠬᠠᠮᠠᠭᠠᠯᠠᠯᠲᠠ︶᠎ ᠤ ᠲᠠᠪᠴᠠᠩ ᠢ ᠨᠡᠭᠡᠭᠡᠨ ᠠᠵᠢᠯᠯᠠᠭᠤᠯᠵᠤ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ

ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ᠢ ᠠᠰᠢᠭᠯᠠᠯᠲᠠ ᠳᠤ ᠣᠷᠣᠭᠤᠯᠤᠭᠰᠠᠨ ᠠᠴᠠ ᠨᠠᠭᠠᠰᠢ᠂ ᠲᠤᠰᠬᠠᠢ ᠠᠰᠢᠭ ᠤᠨ ᠡᠷᠬᠡ ᠶᠢᠨ ᠬᠢᠨᠠᠨ ᠪᠠᠶᠢᠴᠠᠭᠠᠬᠤ

ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠡᠭᠦᠳᠦᠯᠲᠡ᠂ ᠬᠡᠷᠡᠭᠯᠡᠭᠡᠨ ᠤ ᠰᠢᠨ᠎ᠡ ᠬᠡᠯᠪᠡᠷᠢ᠂ ᠭᠠᠳᠠᠷ ᠳᠦᠷᠰᠦ ᠶᠢᠨ ᠵᠢᠷᠤᠭ ᠲᠥᠯᠥᠪᠯᠡᠭᠡ ᠶᠢᠨ ᠲᠤᠰᠬᠠᠢ

ᠠᠰᠢᠭ ᠤᠨ ᠬᠢᠨᠠᠨ ᠪᠠᠶᠢᠴᠠᠭᠠᠯᠲᠠ ᠶᠢᠨ ᠳᠤᠮᠳᠠᠴᠢ ᠦᠶᠡᠯᠡᠯ ᠤᠨ ᠬᠤᠭᠤᠴᠠᠭ᠎ᠠ ᠶᠢ ᠡᠩ ᠤᠨ ᠠᠷᠭ᠎ᠠ ᠵᠠᠮ ᠠᠴᠠ ᠲᠣᠰ ᠲᠣᠰ 89%᠂ 88%᠂ 96%᠎ ᠪᠠᠷ

ᠪᠠᠭᠠᠰᠬᠠᠪᠠ᠃

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ