ᠥᠪᠥᠷ ᠮᠣᠩᠭᠤᠯ ᠥᠨᠥᠳᠥᠷ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/25

        10 ᠳ᠋ᠤᠭᠠᠷ ᠰᠠᠷ᠎ᠠ ᠶᠢᠨ 20᠎ ᠤ ᠡᠳᠦᠷ᠂ ᠥᠪᠥᠷ ᠮᠣᠩᠭᠤᠯ ᠭᠤᠸᠠᠩᠳᠦ᠋ᠩ ᠮᠤᠵᠢ ᠶᠢᠨ ᠱᠧᠨᠵᠧᠨ ᠬᠤᠳᠠ ᠳᠤ ᠬᠤᠳᠠᠯᠳᠤᠭᠠᠴᠢᠨ ᠤᠷᠢᠵᠤ ᠪᠡᠯᠡ

ᠣᠷᠣᠭᠤᠯᠬᠤ ᠶᠢ ᠲᠠᠨᠢᠯᠴᠠᠭᠤᠯᠬᠤ ᠬᠤᠷᠠᠯ ᠵᠢᠴᠢ ᠬᠠᠮᠲᠤᠷᠠᠯᠴᠠᠭᠠᠨ ᠤ ᠲᠥᠰᠥᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠤ᠂ 300 ᠭᠠᠷᠤᠢ ᠠᠵᠤ

ᠠᠬᠤᠶᠢᠯᠠᠯ ᠴᠤᠭᠯᠠᠷᠠᠨ᠂ ᠨᠥᠬᠦᠷᠯᠡᠯ ᠤᠨ ᠲᠤᠬᠠᠢ ᠥᠭᠦᠯᠡᠵᠦ᠂ ᠬᠠᠮᠲᠤᠷᠠᠯᠴᠠᠭᠠᠨ ᠤ ᠲᠤᠬᠠᠢ ᠵᠥᠪᠳᠡᠯᠴᠡᠪᠡ᠃

        ᠣᠶᠢᠯᠠᠭᠠᠭᠰᠠᠨ ᠢᠶᠠᠷ᠂ ᠲᠣᠰ ᠤᠳᠠᠭᠠᠨ ᠤ ᠬᠤᠷᠠᠯ ᠳᠤ ᠬᠤᠸᠠ ᠷᠦᠨ ᠪᠦᠯᠦᠭᠯᠡᠯ᠂ ᠮᠢᠩ ᠶᠠᠩ ᠪᠦᠯᠦᠭᠯᠡᠯ᠂ ᠬᠤᠸᠠ ᠸᠧᠢ ᠲᠧᠭᠨᠢᠭ ᠮᠡᠷᠭᠡᠵᠢᠯ ᠤᠨ

ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠭᠤᠸᠠᠩ ᠾᠧ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠳᠡᠯᠡᠬᠡᠢ ᠶᠢᠨ 500 ᠬᠦᠴᠦᠷᠬᠡᠭ᠂ ᠳᠤᠮᠳᠠᠳᠤ

ᠤᠯᠤᠰ ᠤᠨ 500 ᠬᠦᠴᠦᠷᠬᠡᠭ ᠠᠵᠤ ᠠᠬᠤᠶᠢᠯᠠᠯ ᠣᠷᠣᠯᠴᠠᠭᠰᠠᠨ ᠪᠠᠶᠢᠨ᠎ᠠ᠃ ᠪᠠᠰᠠ ᠴᠥᠭᠡᠨ ᠪᠤᠰᠤ ᠰᠢᠨ᠎ᠡ ᠦᠶ᠎ᠡ ᠶᠢᠨ ᠮᠡᠳᠡᠭᠡᠯᠡᠯ ᠤᠨ ᠮᠡᠷᠭᠡᠵᠢᠯ᠂ ᠰᠢᠨ᠎ᠡ

ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠨᠧᠷᠭᠢ ᠠᠷᠪᠢᠯᠠᠬᠤ ᠪᠣᠬᠢᠷᠲᠤᠯ ᠦᠭᠡᠢ ᠵᠡᠷᠭᠡ ᠤᠯᠤᠰ ᠤᠨ ᠪᠠᠶᠢᠯᠳᠤᠬᠤ

ᠪᠣᠳᠣᠯᠭ᠎ᠠ ᠶᠢᠨ ᠰᠢᠨ᠎ᠡ ᠪᠠᠷ ᠬᠥᠭᠵᠢᠵᠦ ᠪᠠᠶᠢᠭ᠎ᠠ ᠠᠵᠤ ᠦᠢᠯᠡᠰ ᠤᠨ ᠠᠵᠤ ᠠᠬᠤᠶᠢᠯᠠᠯ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠢᠴᠢ

ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠶᠢ ᠡᠭᠦᠳᠬᠦ ᠪᠠ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠳ ᠪᠠᠶᠢᠪᠠ᠃

        ᠲᠥᠷᠥ ᠶᠢᠨ ᠶᠠᠪᠤᠳᠠᠯ ᠤᠨ ᠬᠤᠷᠢᠶᠠᠨ ᠤ ᠰᠠᠶ᠋ᠢᠬᠠᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾᠎ ᠳᠤ᠂ ᠤᠯᠤᠰ ᠤᠨ ᠳᠣᠲᠣᠭᠠᠳᠤ

ᠭᠠᠳᠠᠭᠠᠳᠤ ᠶᠢᠨ ᠬᠤᠣᠰ ᠣᠷᠴᠢᠯ ᠳᠤ ᠢᠳᠡᠪᠬᠢᠲᠡᠢ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ

ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ

ᠪᠣᠯ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠡᠮᠦᠨ᠎ᠡ ᠹᠷᠣᠨᠲ᠂ ᠮᠠᠨ ᠤ ᠤᠯᠤᠰ ᠤᠨ ᠬᠠᠮᠤᠭ ᠶᠡᠭᠡ ᠠᠵᠤ ᠠᠬᠤᠢ ᠶᠢᠨ ᠬᠥᠭᠵᠢᠯᠲᠡ ᠶᠢᠨ

ᠠᠮᠢᠵᠢᠷᠠᠯ ᠤᠨ ᠬᠦᠴᠦᠨ᠋ ᠲᠠᠢ ᠭᠠᠵᠠᠷ ᠣᠷᠣᠨ ᠤ ᠨᠢᠭᠡ ᠪᠠᠶᠢᠵᠤ᠂ ᠥᠪᠥᠷ ᠮᠣᠩᠭᠤᠯ ᠪᠣᠯ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ

ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠ

ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠮᠥᠨ᠃ ᠬᠤᠶᠠᠷ ᠭᠠᠵᠠᠷ ᠤᠨ ᠠᠵᠤ ᠦᠢᠯᠡᠰ ᠢᠯᠡ ᠲᠣᠳᠣ ᠣᠨᠴᠠᠯᠢᠭ᠋ ᠲᠠᠢ᠂ ᠣᠷᠣᠨ

ᠪᠦᠰᠡ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠯᠤᠲᠤ ᠶᠡᠭᠡ ᠳᠠᠯᠳᠠ ᠬᠦᠴᠦᠨ᠋ ᠲᠠᠢ ᠶᠤᠮ᠃

        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠾᠧᠦ ᠶᠠᠨ ᠬᠤᠢ

ᠲᠠᠨᠢᠯᠴᠠᠭᠤᠯᠬᠤ ᠳᠤ ᠪᠠᠨ ︽ᠥᠪᠥᠷ ᠮᠣᠩᠭᠤᠯ ᠨᠢ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠠᠵᠤ ᠠᠬᠤᠶᠢᠯᠠᠯ ᠲᠠᠢ ᠡᠨᠧᠷᠭᠢ ᠶᠢᠨ

ᠰᠤᠷᠪᠤᠯᠵᠢ ᠶᠢᠨ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠤᠳᠤ ᠦᠶ᠎ᠡ ᠶᠢᠨ ᠦᠢᠯᠡᠴᠢᠯᠡᠭᠡᠨ ᠤ

ᠦᠢᠯᠡᠰ ᠢ ᠬᠥᠭᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠵᠦ᠂ ᠠᠵᠤ ᠦᠢᠯᠡᠰ ᠤᠨ ᠤᠯᠠᠨ ᠡᠰᠢᠴᠢᠯᠡᠭᠰᠡᠨ ᠬᠥᠭᠵᠢᠯᠲᠡ ᠶᠢᠨ ᠶᠡᠭᠡ ᠪᠠᠶᠢᠷᠢᠰᠢᠯ ᠢ

ᠬᠠᠮᠲᠤ ᠪᠠᠷ ᠪᠠᠶᠢᠭᠤᠯᠵᠤ᠂ ᠨᠡᠭᠡᠭᠡᠯᠲᠡᠲᠤ ᠬᠠᠮᠲᠤᠷᠠᠯᠴᠠᠭᠠᠨ ᠤ ᠶᠡᠭᠡ ᠲᠠᠪᠴᠠᠩ ᠢ ᠬᠠᠮᠲᠤᠷᠠᠨ ᠪᠦᠲᠦᠭᠡᠵᠦ᠂ ᠥᠪᠥᠷ ᠮᠣᠩᠭᠤᠯ ᠪᠣᠯᠣᠨ ᠭᠤᠸᠠᠩᠳᠦ᠋ᠩ ᠰᠢᠶᠠᠩᠭᠠᠩ

ᠣᠣᠮᠧᠨ ᠤ ᠶᠡᠭᠡ ᠪᠤᠯᠤᠩ ᠤᠨ ᠣᠷᠣᠨ ᠤ ᠠᠵᠤ ᠠᠬᠤᠢ ᠬᠤᠳᠠᠯᠳᠤᠭᠠᠨ ᠤ ᠬᠠᠮᠲᠤᠷᠠᠯᠴᠠᠭ᠎ᠠ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠣᠨ᠎ᠠ︾ ᠭᠡᠵᠡᠢ᠃

        ᠵᠢᠯ ᠡᠬᠢᠯᠡᠭᠰᠡᠨ ᠠᠴᠠ ᠨᠠᠭᠠᠰᠢ᠂ ᠥᠪᠥᠷ ᠮᠣᠩᠭᠤᠯ ᠣᠷᠣᠨ ᠪᠠᠶᠢᠷᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠤᠯᠠᠷᠢᠭᠤᠯᠤᠨ ᠥᠷᠭᠡᠵᠢᠭᠦᠯᠬᠦ᠂ ᠢᠵᠢ

ᠪᠦᠷᠢᠳᠦᠭᠦᠯᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠲᠠᠲᠠᠬᠤ

ᠬᠦᠴᠦᠨ ᠪᠠ ᠥᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ ᠪᠠᠶᠢᠨ᠎ᠠ᠃ ᠣᠶᠢᠯᠠᠭᠠᠭᠰᠠᠨ ᠢᠶᠠᠷ᠂ 1᠎ ᠠᠴᠠ 8 ᠳ᠋ᠤᠭᠠᠷ ᠰᠠᠷ᠎ᠠ ᠳᠤ᠂ ᠪᠥᠬᠦ

ᠣᠷᠣᠨ ᠳᠤ ᠨᠡᠶᠢᠲᠡ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠰᠥᠯ ᠎ ᠢ

3172 ᠬᠡᠷᠡᠭᠵᠢᠭᠦᠯᠵᠦ᠂ ᠠᠳᠠᠯᠢ ᠬᠤᠭᠤᠴᠠᠭᠠᠨ ᠤ ᠬᠢ ᠠᠴᠠ 56.4%᠎ ᠪᠠᠷ ᠨᠡᠮᠡᠭᠳᠡᠪᠡ︔ ᠤᠯᠤᠰ ᠤᠨ ᠳᠣᠲᠣᠭᠠᠳᠤ ᠶᠢᠨ 2870.4 ᠳ᠋ᠦᠩᠰᠢᠭᠤᠷ

ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 44.9%᠎ ᠪᠠᠷ ᠨᠡᠮᠡᠭᠳᠡᠪᠡ᠃ ᠬᠤᠳᠠᠯᠳᠤᠭᠠᠴᠢᠨ ᠤᠷᠢᠵᠤ

ᠪᠡᠯᠡ ᠣᠷᠣᠭᠤᠯᠬᠤ ᠲᠥᠰᠥᠯ ᠤᠨ ᠭᠡᠷ᠎ᠡ ᠲᠣᠭᠲᠠᠬᠤ ᠶᠡᠭᠡ ᠬᠤᠷᠠᠯ᠂ ᠲᠥᠰᠥᠯ  ᠤᠨ ᠲᠠᠨᠢᠯᠴᠠᠭᠤᠯᠭ᠎ᠠ ᠶᠢᠨ ᠬᠤᠷᠠᠯ ᠵᠡᠷᠭᠡ 133 ᠲᠣᠮᠣ ᠬᠡᠯᠪᠡᠷᠢ ᠶᠢᠨ ᠲᠤᠰᠬᠠᠢ

ᠠᠵᠢᠯᠯᠠᠭ᠎ᠠ ᠡᠷᠭᠢᠯᠡᠵᠦ᠂ 1608 ᠲᠥᠰᠥᠯ ᠤᠨ ᠭᠡᠷ᠎ᠡ ᠲᠣᠭᠲᠠᠵᠤ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠨᠢ 2.3 ᠲᠦᠮᠡᠨ ᠳ᠋ᠦᠩᠰᠢᠭᠤᠷ

ᠲᠥᠭᠦᠷᠢᠭ ᠲᠤ ᠬᠥᠷᠪᠡ᠃

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ