ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2023/10/25

        10 ᠰᠠᠷ᠎ᠠ ᠶᠢᠨ 24᠎ ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ

ᠬᠤᠷᠠᠯᠳᠤᠭᠤᠯᠪᠠ᠃

        ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾᠎ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠨᠠᠷᠢᠨ

ᠳᠠᠩᠰᠠ ᠶᠢ ᠰᠤᠳᠤᠯᠵᠤ᠂ ᠵᠠᠰᠠᠭ ᠤᠨ ᠣᠷᠳᠣᠨ ᠤ ᠡᠯ᠎ᠡ ᠲᠦᠷᠦᠭᠦᠯᠡᠨ ᠤᠳᠤᠷᠢᠳᠬᠤ ᠺᠠᠳ᠋ᠷ ᠪᠠ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠠᠵᠢᠯ ᠢᠶᠠᠨ

ᠨᠢᠭᠡᠳᠬᠡᠵᠦ᠂ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠵᠦᠢᠯ ᠳᠠᠷᠠᠭᠠᠯᠠᠨ ᠰᠤᠳᠤᠯᠵᠤ᠂ ᠡᠭᠦᠷᠭᠡ ᠨᠢᠭᠡ ᠪᠦᠷᠢ ᠶᠢ

ᠡᠮᠬᠢᠯᠡᠨ ᠨᠠᠶᠢᠳᠠᠪᠤᠷᠢᠵᠢᠭᠤᠯᠵᠤ᠂ ᠴᠢᠩᠭ᠎ᠠ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠨ ᠤᠷᠤᠭᠰᠢᠯᠠᠵᠤ᠂ ᠠᠵᠢᠯ ᠢᠶᠠᠨ ᠨᠠᠶᠢᠳᠠᠪᠤᠷᠢᠵᠢᠭᠤᠯᠵᠤ

ᠨᠠᠷᠢᠯᠢᠭᠵᠢᠭᠤᠯᠵᠤ ᠪᠣᠳᠠᠲᠠᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

        ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠭᠤᠸᠠᠩᠳᠦ᠋ᠩ ᠮᠤᠵᠢ ᠳᠤ ᠬᠦᠷᠴᠦ ᠰᠣᠷᠣᠯᠴᠠᠵᠤ

ᠰᠢᠨᠵᠢᠯᠡᠨ ᠪᠠᠶᠢᠴᠠᠭᠠᠵᠤ ᠲᠣᠭᠲᠠᠭᠰᠠᠨ ᠶᠠᠪᠤᠳᠠᠯ ᠤᠴᠢᠷ ᠢ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠤ᠂ ᠵᠥᠪᠯᠡᠨ ᠲᠣᠭᠲᠠᠭᠠᠭᠰᠠᠨ ᠤᠴᠢᠷ ᠶᠠᠪᠤᠳᠠᠯ ᠢ

ᠪᠥᠬᠦᠨ ᠢ ᠠᠵᠢᠯ ᠤᠨ ᠡᠳᠦᠷ ᠤᠨ ᠳᠠᠷᠠᠭᠠᠯᠠᠯ ᠪᠠ ᠨᠠᠶᠢᠳᠠᠪᠤᠷᠢᠵᠢᠭᠤᠯᠬᠤ ᠲᠥᠰᠥᠯ ᠳᠤ ᠣᠷᠣᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂

ᠬᠠᠷᠢᠭᠤᠴᠠᠯᠭᠠᠲᠠᠨ ᠢ ᠲᠣᠳᠣᠷᠬᠠᠶᠢᠯᠠᠬᠤ ᠬᠡᠷᠡᠭᠲᠡᠢ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠱᠠᠯᠠᠪᠳᠠᠭᠤᠯᠤᠨ

ᠵᠣᠯᠭᠠᠭᠤᠯᠵᠤ᠂ ᠬᠠᠮᠲᠤᠷᠠᠯᠴᠠᠭᠠᠨ ᠤ ᠰᠠᠨᠠᠮᠵᠢ ᠶᠢ ᠳᠠᠷᠤᠢ ᠲᠦᠷᠭᠡᠨ ᠢᠶᠠᠷ ᠪᠣᠳᠠᠲᠠᠢ ᠲᠥᠷᠥᠯ ᠵᠦᠢᠯ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃

ᠦᠢᠯᠡᠴᠢᠯᠡᠭᠡ ᠪᠠᠨ ᠴᠢᠩᠭᠠᠳᠬᠠᠵᠤ᠂ ᠴᠢᠩᠭ᠎ᠠ ᠠᠩᠬᠠᠷᠴᠤ ᠴᠢᠩᠭ᠎ᠠ ᠠᠳᠬᠤᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂

ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠠᠷᠠᠯᠵᠢᠶᠠᠴᠢᠨ ᠤᠷᠢᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠨᠢᠭᠡ

ᠴᠣᠭᠴᠠᠵᠢᠭᠤᠯᠤᠨ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

        ᠬᠤᠷᠠᠯ ᠠᠴᠠ ᠰᠣᠶᠣᠯ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠰᠠᠨᠠᠯ ᠢ ᠬᠢᠨᠠᠨ ᠵᠥᠪᠯᠡᠵᠦ᠂ ᠣᠨᠣᠴᠠᠲᠠᠢ ᠪᠠᠷᠢᠮᠵᠢᠶᠠᠯᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾᠎ ᠤᠨ ᠬᠤᠯᠪᠣᠭᠳᠠᠯ

ᠪᠦᠬᠦᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠷᠢᠨ ᠨᠢᠮᠪᠠᠢ ᠲᠥᠯᠥᠪᠵᠢᠭᠦᠯᠵᠦ᠂ ᠡᠯ᠎ᠡ ᠲᠥᠷᠥᠯ ᠤᠨ ᠲᠥᠷᠥᠯ ᠵᠦᠢᠯ ᠪᠠ ᠠᠵᠢᠯᠯᠠᠭ᠎ᠠ ᠶᠢ

ᠭᠤᠶᠢᠳᠠ ᠰᠠᠶᠢᠬᠠᠨ ᠡᠷᠬᠢᠯᠡᠵᠦ᠂ ᠥᠪᠡᠷᠮᠢᠴᠡ ᠣᠨᠴᠠᠯᠢᠭ ᠲᠠᠢ ᠡᠷᠬᠢᠯᠡᠵᠦ᠂ ᠲᠥᠷᠥᠯ ᠲᠡᠮᠳᠡᠭ ᠢ ᠪᠣᠢ ᠪᠣᠯᠭᠠᠬᠤ ᠶᠢ ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠃

ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ︽ᠶᠠᠭᠤ ᠢᠳᠡᠬᠦ᠂ ᠶᠠᠭᠤ ᠤᠤᠭᠤᠬᠤ᠂ ᠶᠠᠭᠤ ᠦᠵᠡᠬᠦ᠂ ᠶᠠᠭᠤ ᠨᠠᠭᠠᠳᠬᠤ᠂ ᠶᠠᠭᠤ ᠬᠤᠳᠠᠯᠳᠤᠨ ᠠᠪᠬᠤ︾

ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠵᠢᠭᠤᠯᠴᠢᠯᠠᠭᠰᠠᠳ ᠢ ᠳᠤᠷᠠᠲᠠᠶ᠎ᠠ ᠬᠡᠷᠡᠭᠯᠡᠬᠦ᠂ ᠬᠡᠷᠡᠭᠯᠡᠵᠦ ᠳᠡᠶᠢᠯᠬᠦ ᠪᠣᠯᠭᠠᠬᠤ ᠬᠡᠷᠡᠭᠲᠡᠢ᠃ ᠥᠪᠥᠷ ᠮᠣᠩᠭᠤᠯ ᠤᠨ ᠮᠥᠰᠥ

ᠴᠠᠰᠤᠨ ᠤ ᠤᠯᠠᠷᠢᠯ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠪᠣᠯᠬᠤᠷ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ

ᠲᠠᠮᠢᠷ ᠤᠨ ᠴᠤᠭᠯᠠᠭᠠᠨ︾᠎ ᠤ ᠠᠵᠠ ᠲᠣᠬᠢᠶᠠᠯ ᠢ ᠠᠮᠵᠢᠵᠤ᠂ ᠤᠷᠢᠳᠴᠢᠯᠠᠨ ᠪᠡᠯᠡᠳᠬᠡᠵᠦ᠂ ᠤᠬᠠᠭᠤᠯᠭ᠎ᠠ ᠪᠠᠨ ᠴᠢᠩᠭᠠᠳᠬᠠᠵᠤ᠂ ᠠᠯᠢ ᠣᠯᠠᠨ ᠥᠪᠡᠷᠮᠢᠴᠡ

ᠣᠨᠴᠠᠯᠢᠭ ᠲᠠᠢ᠂ ᠭᠢᠯᠠᠰ ᠴᠡᠭ ᠲᠠᠢ ᠮᠥᠰᠥ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠢ ᠬᠥᠭᠵᠢᠶᠡᠨ ᠲᠠᠢ

ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ