ᠬᠦᠭᠡᠴᠦ ᠰᠤᠮᠤᠨ ᠤ ᠬᠠᠤᠯᠢ ᠴᠠᠭᠠᠵᠠ ᠶᠢᠨ ᠭᠠᠵᠠᠷ ᠨᠠᠰᠤᠲᠠᠶᠢᠴᠤᠤᠨ ᠤᠨ ᠬᠠᠤᠯᠢ ᠶᠣᠰᠤᠨ ᠤ ᠡᠷᠬᠡ ᠠᠰᠢᠭ ᠢ ᠪᠠᠲᠤᠵᠢᠭᠤᠯᠬᠤ ᠬᠠᠤᠯᠢᠵᠢᠯ ᠤᠨ ᠤᠬᠠᠭᠤᠯᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/10/25

        

        10 ᠰᠠᠷ᠎ᠠ ᠶᠢᠨ 23 ᠤ ᠡᠳᠦᠷ᠂ ᠶᠠᠭ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠢ ᠲᠣᠬᠢᠶᠠᠯᠳᠤᠭᠤᠯᠵᠤ᠂ ᠨᠠᠰᠤᠲᠠᠶᠢᠴᠤᠳ ᠤᠨ ᠬᠠᠤᠯᠢ ᠪᠠᠷ

ᠵᠠᠰᠠᠬᠤ ᠤᠬᠠᠮᠰᠠᠷ ᠢ ᠦᠨᠡᠨ ᠬᠦ ᠴᠢᠩᠭᠠᠳᠬᠠᠵᠤ᠂ ᠨᠠᠰᠤᠲᠠᠶᠢᠴᠤᠳ ᠤᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠨ ᠪᠠᠲᠤᠯᠠᠬᠤ ᠶᠢᠨ ᠲᠦᠯᠦᠭᠡ᠂ ᠬᠦᠭᠡᠴᠦ

ᠰᠤᠮᠤᠨ ᠤ ᠬᠠᠤᠯᠢ ᠴᠠᠭᠠᠵᠠ ᠶᠢᠨ ᠭᠠᠵᠠᠷ ᠠᠴᠠ ᠭᠠᠴᠠᠭᠠᠨ ᠳᠤ ᠭᠦᠨᠵᠡᠭᠡᠶᠢᠷᠡᠵᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠦ᠂

ᠨᠠᠰᠤᠲᠠᠶᠢᠴᠤᠳ ᠤᠨ ᠬᠠᠤᠯᠢ ᠶᠤᠰᠤᠨ ᠤ ᠡᠷᠬᠡ ᠠᠰᠢᠭ ᠢ ᠪᠠᠲᠤᠯᠠᠬᠤ ᠪᠠᠷ ᠭᠤᠣᠯ ᠬᠠᠷᠠᠯᠲᠠ ᠪᠠᠨ ᠪᠣᠯᠭᠠᠵᠤ ᠪᠣᠢ᠃

图片1.png

  

       ᠬᠦᠳᠡᠯᠭᠡᠭᠡᠨ ᠦᠷᠨᠢᠭᠦᠯᠦᠭᠰᠡᠨ ᠲᠣᠬᠠᠢ ᠶᠢᠨ ᠲᠠᠯᠠᠪᠠᠢ ᠳᠤ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠠᠰᠠᠭᠤᠨ ᠯᠠᠪᠯᠠᠯᠲᠠ ᠬᠢᠵᠤ ᠬᠠᠷᠢᠭᠤᠯᠲᠠ

ᠥᠭᠬᠦ᠂ ᠬᠠᠤᠯᠢᠵᠢᠯ ᠤᠨ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠬᠦᠨᠳᠡᠯᠠᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠳᠤ ᠢᠯᠡᠷᠡᠭᠦᠯᠬᠦ ᠵᠡᠷᠭᠡ ᠠᠷᠭ᠎ᠠ

ᠬᠡᠯᠪᠡᠷᠢ ᠪᠠᠷ ᠨᠠᠰᠤᠲᠠᠶᠢᠴᠤᠳ ᠤᠨ ᠨᠡᠶᠢᠳᠡᠮ ᠠᠩᠬᠠᠷᠴᠤ ᠪᠠᠶᠢᠭ᠎ᠠ ᠨᠠᠰᠤᠵᠢᠯ ᠤᠨ ᠮᠡᠬᠡᠯᠡᠯ ᠢ ᠬᠡᠷᠬᠢᠨ ᠰᠡᠷᠭᠡᠶᠢᠯᠡᠬᠦ᠂ ᠠᠴᠢᠯᠠᠨ ᠲᠡᠵᠢᠭᠡᠬᠦ ᠵᠡᠷᠭᠡ ᠠᠩᠬᠠᠷᠴᠤ ᠪᠠᠶᠢᠭ᠎ᠠ

ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠦᠭᠴᠦ᠂ ᠨᠠᠰᠤᠲᠠᠶᠢᠴᠤᠳ ᠤᠨ ᠵᠦᠪ ᠪᠤᠷᠤᠭᠤ ᠶᠢ ᠬᠡᠷᠬᠢᠨ ᠢᠯᠭᠠᠬᠤ᠂ ᠮᠡᠬᠡᠯᠡᠯ ᠢ ᠬᠡᠷᠬᠢᠨ ᠰᠡᠷᠭᠡᠶᠢᠯᠡᠬᠦ

ᠴᠢᠳᠠᠪᠤᠷᠢ ᠶᠢ ᠣᠯᠠᠮ ᠨᠢᠭᠡ ᠠᠯᠬᠤᠮ ᠳᠡᠭᠡᠭᠰᠢᠯᠡᠭᠦᠯᠪᠡ᠃

 

 图片2.png

 

         ᠲᠤᠰ ᠤᠳᠠᠭᠠᠠᠨ ᠤ ᠬᠠᠤᠯᠢ ᠴᠠᠭᠠᠵᠠ ᠶᠢᠨ ᠮᠡᠳᠡᠯᠭᠡ ᠶᠢ ᠲᠥᠭᠡᠮᠡᠯᠵᠢᠭᠦᠯᠬᠦ ᠤᠬᠠᠭᠤᠯᠭ᠎ᠠ ᠶᠢᠨ ᠬᠦᠳᠡᠯᠭᠡᠭᠡᠨ ᠳᠤ ᠨᠡᠶᠢᠲᠡ 50 ᠭᠠᠷᠤᠢ ᠬᠤᠪᠢ

ᠬᠠᠤᠯᠢ ᠪᠠᠷ ᠵᠠᠰᠠᠬᠤ ᠣᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠨᠠᠰᠤᠲᠠᠶᠢᠴᠤᠳ ᠲᠤ ᠡᠳᠦᠷ ᠳᠤᠲᠤᠮ ᠤᠨ ᠠᠮᠢᠳᠤᠷᠠᠯ ᠳᠠᠬᠢ ᠬᠠᠤᠯᠢ ᠴᠠᠭᠠᠵᠠ ᠶᠢᠨ ᠴᠢᠬᠤᠯᠠ

ᠴᠢᠨᠠᠷ ᠢ ᠤᠯᠠᠮ ᠨᠢᠭᠡ ᠠᠯᠬᠤᠮ ᠡᠵᠡᠮᠰᠢᠬᠦᠯᠵᠤ᠂ ᠨᠠᠰᠤᠲᠠᠶᠢᠴᠤᠳ ᠤᠨ ᠬᠠᠤᠯᠢ ᠴᠠᠭᠠᠵᠠ ᠶᠢᠨ ᠮᠡᠳᠡᠯᠭᠡ ᠶᠢᠨ ᠲᠣᠬᠠᠢ ᠣᠶᠢᠯᠠᠭᠠᠯᠲᠠ ᠶᠢ ᠠᠬᠢᠭᠤᠯᠤᠨ᠂ ᠲᠡᠳᠡᠨ ᠤ

ᠬᠠᠤᠯᠢ ᠰᠤᠷᠬᠤ ᠤᠬᠠᠮᠰᠠᠷ ᠪᠠ ᠬᠠᠤᠯᠢ ᠶᠣᠰᠤᠭᠠᠷ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠬᠦᠭᠡᠴᠦ

ᠰᠤᠮᠤ ᠶᠢᠨ ᠬᠠᠤᠯᠢ ᠴᠠᠭᠠᠵᠠ ᠶᠢᠨ ᠭᠠᠵᠠᠷ ᠬᠠᠤᠯᠢ ᠪᠠᠷ ᠵᠠᠰᠠᠬᠤ ᠤᠬᠠᠭᠤᠯᠭ᠎ᠠ ᠶᠢᠨ ᠡᠷᠴᠢᠮ ᠢᠶᠠᠨ ᠤᠷᠭᠦᠯᠵᠢᠯᠠᠨ ᠴᠢᠩᠭᠠᠳᠬᠠᠵᠤ᠂ ᠨᠠᠰᠤᠲᠠᠶᠢᠴᠤᠳ ᠢᠶᠠᠨ

ᠬᠦᠨᠳᠦᠯᠠᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠠᠲᠤᠵᠢᠭᠤᠯᠤᠨ᠎ᠠ᠃

 

ᠢᠷᠡᠯᠲᠡ᠄ ᠬᠦᠭᠡᠴᠦ ᠰᠤᠮᠤ ᠵᠢ᠊​‍ᠨ ᠬᠠᠤᠯᠢ ᠴᠠᠭᠠᠵᠠ ᠶᠢᠨ ᠭᠠᠵᠠᠷ