ᠤᠷᠠᠳ ᠤᠨ ᠬᠤᠶᠢᠳᠤ ᠬᠤᠰᠢᠭᠤ ᠬᠦᠮᠡᠯᠢ ᠶᠢᠨ ᠠᠵᠤ ᠦᠢᠯᠡᠰ ᠢ ᠲᠡᠳᠬᠦᠨ ᠮᠠᠯᠴᠢᠨ ᠲᠠᠷᠢᠶᠠᠴᠢᠳ ᠳᠤ  ᠪᠠᠶᠠᠵᠢᠯ ᠤᠨ ᠵᠠᠮ ᠳᠡᠪᠢᠰᠴᠤ ᠪᠠᠶᠢᠨ᠎ᠠ
ᠨᠡᠶᠢᠲᠡᠯᠡᠭᠰᠡᠨ ᠴᠠᠭ᠄
2023/10/27

   

       ᠤᠷᠠᠳ ᠤᠨ ᠬᠤᠶᠢᠳᠤ ᠬᠤᠰᠢᠭᠤᠨ ᠤ ᠬᠦᠬᠡᠴᠦ ᠰᠤᠮᠤᠨ ᠤ ᠪᠡᠯᠴᠢᠷ ᠭᠠᠴᠠᠭ᠎ᠠ ᠶᠢᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ

ᠮᠠᠶ᠋ᠢᠭ ᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠶᠢ ᠪᠠᠷᠢᠮᠲᠠᠯᠠᠵᠤ᠂ ᠡᠯᠡᠰᠦᠨ ᠴᠥᠯ ᠤᠨ ᠭᠦᠨ ᠳᠤ ᠬᠦᠮᠡᠯᠢ ᠲᠠᠷᠢᠬᠤ ᠎ ᠶᠢ  ᠲᠤᠮᠤ ᠠᠵᠤ ᠦᠢᠯᠡᠰ

ᠪᠣᠯᠭᠠᠨ ᠪᠦᠲᠦᠭᠡᠵᠦ᠂ ᠭᠠᠴᠠᠭᠠᠨ ᠤ ᠮᠠᠯᠴᠢᠳ ᠤᠯᠠᠮᠵᠢᠯᠠᠯᠲᠤ ᠮᠠᠯᠵᠢᠯᠭ᠎ᠠ ᠠᠴᠠ︽ᠬᠦᠮᠡᠯᠢ ᠶᠢᠨ ᠸᠠᠩ︾ ᠪᠣᠯᠵᠤ ᠬᠤᠪᠢᠷᠠᠬᠤ ᠶᠢ ᠪᠡᠶᠡᠯᠡᠭᠦᠯᠵᠦ᠂ ᠪᠠᠰᠠ  ᠪᠡᠯᠴᠢᠷ

ᠭᠠᠴᠠᠭᠠᠨ ᠤ ᠬᠦᠮᠡᠯᠢ ᠶᠢᠨ ᠲᠠᠷᠢᠮᠠᠯ ᠢ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ ᠲᠡᠰᠢ ᠬᠥᠭᠵᠢᠭᠦᠯᠵᠦ᠂ ᠨᠡᠩ ᠤᠯᠠᠨ ᠮᠠᠯᠴᠢᠨ ᠲᠦᠮᠡᠨ ᠢ ᠪᠠᠶᠠᠵᠢᠭᠤᠯᠤᠨ

ᠴᠢᠨᠡᠭᠡᠯᠢᠭᠵᠢᠭᠦᠯᠬᠦ ᠪᠠᠷ  ᠲᠠᠶᠢᠴᠢᠯᠡᠵᠤ ᠪᠠᠶᠢᠨ᠎ᠠ᠃

        ᠰᠤᠷᠪᠤᠯᠵᠢᠯᠠᠭᠴᠢ ᠬᠦᠭᠡᠴᠦ ᠰᠤᠮᠤ ᠶᠢᠨ ᠪᠡᠯᠴᠢᠷ ᠭᠠᠴᠠᠭ᠎ᠠ ᠶᠢᠨ ᠬᠦᠮᠡᠯᠢ ᠶᠢ ᠳᠠᠷᠢᠵᠤ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠳᠤ ᠬᠦᠷᠬᠦ ᠳᠤ᠂

ᠨᠣᠪ ᠨᠣᠭᠤᠭᠠᠨ ᠬᠦᠮᠯᠡᠢ ᠶᠢᠨ ᠲᠤᠮᠳᠠ ᠠᠵᠢᠯᠴᠢᠳ ᠶᠠᠭᠠᠷᠠᠯᠲᠠᠢ ᠠᠵᠢᠯᠯᠠᠵᠤ ᠪᠠᠶᠢᠭ᠎ᠠ ᠪᠠᠶᠢᠳᠠᠯ ᠬᠠᠷᠠᠭᠳᠠᠨ᠎ᠠ᠃ ᠬᠦᠮᠡᠯᠢ ᠪᠣᠯ ᠨᠢᠭᠡ  ᠵᠤᠶᠢᠯ ᠤᠨ ᠣᠯᠠᠨ ᠵᠢᠯ ᠤᠨ

ᠠᠰᠢᠭ ᠭᠥᠷᠳᠡᠭᠰᠡᠨ ᠲᠠᠷᠢᠮᠠᠯ ᠪᠣᠯᠬᠤᠷ᠂ ᠡᠨᠡ ᠵᠢᠯ ᠪᠡᠯᠴᠢᠷ ᠭᠠᠴᠠᠭ᠎ᠠ ᠶᠢᠨ ᠬᠢᠨ ᠬᠦᠮᠡᠯᠢ ᠶᠢ ᠳᠠᠷᠢᠵᠤ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ 6

ᠬᠦᠯᠡᠮᠵᠢ ᠳᠤ ᠪᠦᠬᠦᠨ ᠢᠶᠠᠷ ᠢᠶᠠᠨ ᠬᠦᠮᠡᠯᠢ  ᠳᠠᠷᠢᠵᠤ᠂ ᠭᠠᠴᠠᠭᠠᠨ ᠤ ᠬᠤᠶᠠᠷ ᠵᠥᠪᠯᠡᠯ ᠤᠨ ᠨᠠᠷᠢᠨ ᠨᠢᠮᠪᠠᠢ ᠬᠠᠮᠢᠶᠠᠷᠤᠯᠲᠠ ᠳᠣᠣᠷ᠎ᠠ᠂ ᠬᠦᠮᠡᠯᠢ ᠶᠢ ᠡᠷᠬᠢᠨ

ᠲᠣᠭᠤᠷᠢᠨ ᠤ ᠬᠤᠲᠠ᠂ ᠬᠤᠰᠢᠭᠤ ᠰᠢᠶᠠᠨ ᠵᠡᠷᠭᠡ ᠭᠠᠵᠠᠷ ᠲᠤ ᠪᠣᠷᠣᠯᠠᠭᠤᠯᠤᠭᠳᠠᠵᠤ  ᠪᠠᠶᠢᠨ᠎ᠠ᠃

        ︽ᠡᠲᠡᠭᠡᠷ ᠳᠠᠷᠢᠵᠤ ᠭᠠᠷᠭᠠᠭᠰᠠᠨ  ᠬᠦᠮᠡᠯᠢ ᠵᠢᠯ ᠪᠦᠷᠢ 7 ᠤᠳᠠᠭ᠎ᠠ ᠬᠠᠳᠤᠵᠤ᠂ ᠣᠲᠣ ᠭᠤᠷᠪᠠᠳᠤᠭᠠᠷ ᠤᠳᠠᠭ᠎ᠠ ᠬᠤᠷᠢᠶᠠᠵᠤ ᠪᠠᠶᠢᠨ᠎ᠠ᠂ ᠨᠢᠭᠡ ᠤᠳᠠᠭ᠎ᠠ

ᠪᠠᠷᠤᠭ 600 ᠵᠢᠩ ᠬᠤᠷᠢᠶᠠᠨ᠎ᠠ᠂ ᠣᠳᠣᠬᠠᠨ ᠳᠤ 5 ᠲᠥᠭᠦᠷᠢᠭ \ ᠵᠢᠩ᠂ ᠪᠦᠬᠦᠯᠢ ᠴᠣᠭᠴᠠ ᠶᠢᠨ ᠠᠵᠤ ᠠᠬᠤᠢ ᠶᠢᠨ ᠦᠷ᠎ᠡ ᠠᠰᠢᠭ ᠨᠢ ᠨᠡᠯᠢᠶᠡᠳ ᠰᠠᠶᠢᠨ

ᠪᠠᠶᠢᠨ᠎ᠠ︾  ᠭᠡᠵᠤ  ᠪᠡᠯᠴᠢᠷ ᠭᠠᠴᠠᠭ᠎ᠠ ᠶᠢᠨ ᠨᠠᠮ ᠤᠨ ᠡᠭᠦᠷ ᠤᠨ ᠱᠦᠵᠢ  ᠪᠤᠯᠤᠳᠪᠠᠭᠠᠲᠤᠷ ᠭᠡᠯᠡᠵᠤ ᠪᠠᠶᠢᠯ᠎ᠠ᠃

        ᠬᠦᠮᠡᠯᠢ ᠶᠢᠨ ᠠᠵᠤ ᠦᠢᠯᠡᠰ ᠤᠨ ᠬᠥᠭᠵᠢᠯᠲᠡ ᠨᠢ ᠮᠠᠯᠴᠢᠳ ᠤᠨ ᠭᠡᠷ ᠤᠨ ᠡᠭᠦᠳᠡᠨ ᠳᠠᠬᠢ ᠣᠶᠢᠷ᠎ᠠ ᠬᠠᠪᠢ ᠶᠢᠨ ᠬᠥᠯᠥᠰᠦᠨ ᠠᠵᠢᠯᠴᠢᠨ ᠤ ᠣᠷᠣᠯᠭ᠎ᠠ ᠶᠢ

ᠨᠡᠮᠡᠭᠳᠡᠭᠦᠯᠬᠦ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃

        ︽ᠪᠢᠳᠡ  ᠬᠦᠮᠡᠯᠢ ᠬᠠᠳᠤᠵᠤ᠂ ᠡᠪᠡᠰᠦ ᠠᠷᠴᠢᠪᠠᠯ ᠡᠳᠦᠷ ᠤᠨ ᠳᠤᠮᠳᠠᠴᠢ ᠣᠷᠣᠯᠭ᠎ᠠ ᠨᠢ 120 ᠲᠥᠭᠦᠷᠢᠭ ᠣᠷᠴᠢᠮ ᠪᠣᠯᠣᠨ᠎ᠠ᠂ ᠠᠳᠡ ᠠᠵᠢᠯᠯᠠᠪᠠᠯ

ᠭᠡᠷ ᠠᠴᠠ ᠪᠠᠨ ᠣᠶᠢᠷ᠎ᠠ᠂ ᠴᠠᠭ ᠴᠢᠯᠦᠭᠡ ᠲᠠᠢ᠂ ᠵᠣᠭᠤᠰ ᠣᠯᠵᠤ ᠳᠡᠶᠢᠯᠬᠦ ᠪᠠᠷ ᠪᠠᠷᠠᠬᠤ ᠦᠭᠡᠢ ᠪᠠᠰᠠ ᠭᠡᠷ ᠪᠦᠯᠢ ᠪᠠᠨ ᠬᠠᠷᠠᠭᠠᠯᠵᠠᠵᠤ ᠳᠡᠶᠢᠯᠳᠡᠭ᠂ ᠤᠳᠠᠭ᠎ᠠ

ᠪᠣᠯᠭᠠᠨ ᠢᠷᠡᠵᠦ ᠠᠵᠢᠯᠯᠠᠪᠠᠯ ᠮᠢᠩᠭ᠎ᠠ ᠭᠠᠷᠤᠢ ᠲᠥᠭᠦᠷᠢᠭ ᠤᠨ ᠵᠣᠭᠤᠰ ᠣᠯᠵᠤ ᠳᠡᠶᠢᠯᠳᠡᠭ︾ ᠭᠡᠵᠦ  ᠪᠡᠯᠴᠢᠷ ᠭᠠᠴᠠᠭᠠᠨ ᠤ ᠮᠠᠯᠴᠢᠨ ᠰᠠᠷᠠᠨ᠎ᠠ ᠰᠡᠳᠬᠢᠯ

ᠬᠠᠨᠤᠮᠵᠢᠲᠠᠢ ᠪᠠᠷ  ᠬᠡᠯᠡᠵᠦ ᠪᠠᠶᠢᠪᠠ᠃

        ᠪᠡᠯᠴᠢᠷ ᠭᠠᠴᠠᠭ᠎ᠠ ᠲᠠᠷᠢᠮᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠭᠠᠯᠳᠤᠭᠤᠯᠣᠨ ᠮᠠᠯᠴᠢᠨ ᠲᠦᠮᠡᠨ ᠤ

ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢᠨ ᠭᠤᠣᠯ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠪᠠ ᠲᠠᠷᠢᠮᠠᠯ ᠤᠨ ᠪᠦᠲᠦᠴᠡ ᠶᠢ

ᠲᠣᠬᠢᠷᠠᠭᠤᠯᠬᠤ ᠳᠡᠭᠡᠷ᠎ᠡ ᠬᠦᠴᠦ ᠲᠠᠯᠪᠢᠵᠤ᠂ ᠨᠢᠭᠡ ᠬᠡᠰᠡᠭ ᠰᠤᠯᠠ ᠪᠠᠶᠢᠭ᠎ᠠ ᠭᠠᠵᠠᠷ ᠰᠢᠷᠣᠢ ᠶᠢ ᠠᠰᠢᠭᠯᠠᠵᠤ ᠪᠠᠶᠢᠭᠠᠳ ᠬᠦᠮᠡᠯᠢ ᠶᠢ ᠲᠠᠷᠢᠵᠤ ᠡᠳ᠋ᠰᠢᠭᠦᠯᠬᠦ ᠠᠵᠤ

ᠦᠢᠯᠡᠰ ᠤᠨ ᠬᠦᠷᠢᠶᠡᠯᠡᠩ ᠪᠣᠯᠭᠠᠵᠤ᠂ ᠣᠨᠴᠠᠯᠢᠭᠲᠤ ᠠᠵᠤ ᠦᠢᠯᠡᠰ ᠢ ᠠᠮᠢᠳᠤᠯᠢᠭ ᠢᠶᠠᠷ ᠭᠦᠢᠴᠡᠳ ᠬᠢᠵᠦ᠂ ᠵᠢᠵᠢᠭ  ᠬᠦᠮᠡᠯᠢ ᠶᠢ ᠦᠨᠡᠨᠬᠦ ᠲᠣᠮᠣ ᠠᠵᠤ ᠦᠢᠯᠡᠰ

ᠪᠣᠯᠭᠠᠭᠰᠠᠨ ᠪᠠᠶᠢᠨ᠎ᠠ᠃

        ᠠᠵᠤ ᠦᠢᠯᠡᠰ ᠬᠥᠭᠵᠢᠪᠡᠯ ᠠᠵᠢᠯ ᠣᠯᠭᠤᠯᠲᠠ ᠰᠠᠶ᠋ᠢ ᠲᠣᠭᠲᠠᠭᠤᠨ ᠪᠠᠶᠢᠵᠤ᠂ ᠠᠷᠠᠳ ᠤᠨ ᠠᠮᠢᠳᠤᠷᠠᠯ ᠰᠠᠶᠢᠵᠢᠷᠠᠪᠠᠯ ᠰᠠᠶ᠋ᠢ ᠪᠠᠲᠤᠯᠠᠭ᠎ᠠ ᠲᠠᠢ ᠪᠣᠯᠵᠤ᠂

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠪᠠᠯ ᠰᠠᠶ᠋ᠢ ᠬᠥᠳᠡᠯᠭᠡᠬᠦ ᠬᠦᠴᠦᠨ ᠲᠠᠢ ᠪᠣᠯᠵᠤ ᠴᠢᠳᠠᠨ᠎ᠠ᠃ ᠤᠷᠠᠳ ᠤᠨ ᠬᠤᠶᠢᠲᠤ ᠬᠤᠰᠢᠭᠤᠨ ᠤ ᠬᠢᠨ ︽

ᠨᠠᠮ ᠤᠨ ᠡᠭᠦᠷ + ᠲᠤᠰᠬᠠᠢ ᠬᠤᠷᠰᠢᠶ᠎ᠠ + ᠠᠵᠤ ᠦᠢᠯᠡᠰ ᠤᠨ ᠬᠦᠷᠢᠶᠡᠯᠡᠩ + ᠰᠠᠭᠤᠷᠢᠨ ᠭᠠᠵᠠᠷ + ᠮᠠᠯᠴᠢᠨ ᠲᠠᠷᠢᠶᠠᠴᠢᠨ ᠡᠷᠦᠬᠡ︾᠎ ᠶᠢᠨ ᠬᠥᠭᠵᠢᠯᠲᠡ ᠶᠢᠨ

ᠵᠠᠭᠪᠤᠷ ᠲᠤ ᠰᠢᠨ᠎ᠡ ᠶᠢ ᠡᠭᠦᠳᠴᠦ᠂ ᠮᠠᠯᠴᠢᠨ ᠲᠦᠮᠡᠨ ᠤ ︽ᠬᠢᠵᠦ ᠴᠢᠳᠠᠬᠤ ᠦᠭᠡᠢ᠂ ᠬᠢᠬᠦ ᠵᠣᠷᠢᠭ ᠦᠭᠡᠢ︾ ᠪᠠᠶᠢᠬᠤ ᠠᠰᠠᠭᠤᠳᠠᠯ ᠢ ᠪᠦᠲᠦᠮᠵᠢᠲᠡᠶ

ᠰᠢᠢᠳᠪᠦᠷᠢᠯᠡᠪᠡ᠃ ᠤᠷᠠᠳ ᠤᠨ ᠬᠤᠶᠢᠲᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ

ᠬᠤᠷᠢᠶᠠᠩᠭᠤᠢ ᠳᠦᠷᠰᠦ ᠪᠣᠯᠤᠭᠰᠠᠨ ᠤ ᠬᠤᠪᠢ ᠳᠤ᠂ ᠪᠡᠯᠴᠢᠷ ᠭᠠᠴᠠᠭ᠎ᠠ ᠶᠢᠨ ᠵᠢᠵᠢᠭ  ᠬᠦᠮᠡᠯᠢ ᠶᠢ ᠲᠣᠮᠣ ᠠᠵᠤ ᠦᠢᠯᠡᠰ ᠪᠣᠯᠭᠠᠨ ᠪᠦᠲᠦᠭᠡᠵᠦ᠂ ᠮᠠᠯᠴᠢᠳ ᠤᠨ

ᠴᠢᠨᠡᠭᠡᠯᠢᠭᠵᠢᠯ ᠤᠨ ᠵᠠᠮ᠂  ᠬᠦᠮᠡᠯᠢ ᠶᠢᠨ ᠲᠠᠷᠢᠮᠠᠯ ᠤᠨ ᠦᠢᠯᠡᠰ ᠢ ᠳᠡᠪᠢᠰᠴᠦ᠂ ᠮᠠᠯᠴᠢᠨ ᠲᠦᠮᠡᠨ ᠤ  ᠤᠷᠤᠯᠭ᠎ᠠ ᠶᠢ ᠨᠡᠮᠡᠭᠲᠡᠬᠦᠯᠵᠤ ᠦᠭᠬᠦᠭᠰᠡᠨ ᠪᠠᠶᠢᠨ᠎ᠠ ᠃

 

                 ᠤᠷᠠᠳ ᠤᠨ ᠬᠤᠶᠢᠳᠤ ᠬᠤᠰᠢᠭᠤᠨ ᠤ ᠬᠠᠮ ᠵᠠᠠᠭᠤᠴᠢᠯᠠᠭᠤᠷ  ᠲᠤᠩᠭᠠᠯᠠᠭ ᠠᠯᠳᠠᠠᠰᠤᠪᠤᠳ

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ