ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ
ᠨᠡᠶᠢᠲᠡᠯᠡᠭᠰᠡᠨ ᠴᠠᠭ᠄
2023/10/3

      9 ᠰᠠᠷ᠎ᠠ ᠶᠢᠨ 26᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃ ᠥᠪᠡᠷᠲᠡᠭᠡᠨ

ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ

ᠤᠳᠤ 73 ᠬᠥᠮᠥᠨ ᠪᠤᠢ᠂ 59 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ

ᠡᠷᠭᠢᠯᠡᠭᠴᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠬᠤᠷᠠᠯ ᠢ ᠡᠷᠭᠢᠯᠡᠵᠦ᠂ ᠳᠡᠳ᠋ ᠡᠷᠭᠢᠯᠡᠭᠴᠢ ᠳ᠋ᠤᠸᠠᠨ ᡁᠢ ᠴᠢᠶᠠᠩ᠂ ᠯᠢ ᠪᠢᠩ ᠷᠦᠩ᠂ ᠦ᠋ ᠶᠠᠨ ᠭᠠᠩ᠂

ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ

ᠬᠤᠷᠠᠯ ᠳᠤ ᠰᠤᠯᠠ ᠣᠷᠣᠯᠴᠠᠵᠠᠢ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ

ᠡᠷᠭᠢᠯᠡᠭᠴᠢ ᠭᠡᠰᠢᠭᠦᠨ ᠱᠢ ᠸᠠᠨ ᠵᠢᠶᠦ᠋ᠨ ᠤ ᠬᠢᠭᠰᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠰᠤᠷᠭᠠᠨ ᠬᠥᠮᠦᠵᠢᠯ ᠢ ᠠᠬᠢᠭᠤᠯᠬᠤ

ᠬᠠᠤᠯᠢ︾᠎ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠢ ᠮᠡᠳᠡᠭᠦᠯᠦᠯᠲᠡ︔ ᠶᠣᠣ ᠶᠦᠩ ᠪᠦᠸᠧ ᠶᠢᠨ ᠬᠢᠭᠰᠡᠨ ᠤᠯᠤᠰ ᠤᠨ ᠴᠢᠬᠤᠯᠠ ᠡᠨᠧᠷᠭᠢ

ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ

ᠬᠥᠭᠵᠢᠯᠲᠡ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠭᠢᠯᠡᠭᠴᠢ ᠭᠡᠰᠢᠭᠦᠨ ᠹᠧᠩ ᠢᠦᠢ ᠵᠧᠨ ᠤ ᠬᠢᠭᠰᠡᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ

ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ

ᠠᠬᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠪᠠ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠡᠷᠭᠢᠯᠡᠭᠴᠢ ᠭᠤᠤ ᠵᠠᠨ ᠱᠧᠩ ᠤᠨ ᠬᠢᠭᠰᠡᠨ ᠬᠢᠯᠢ ᠬᠢᠵᠠᠭᠠᠷ

ᠣᠷᠣᠨ ᠤ ᠬᠥᠭᠵᠢᠯᠲᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ

ᠳᠡᠳ᠋ ᠡᠷᠭᠢᠯᠡᠭᠴᠢ ᠾᠧ ᠵᠢᠶᠧ ᠶᠢᠨ ᠬᠢᠭᠰᠡᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ

ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠣᠯᠣᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢ ᠬᠡᠷᠡᠭᠵᠢᠭᠦᠯᠦᠭᠰᠡᠨ ᠳᠤᠮᠳᠠ

ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠭᠰᠠᠨ ᠪᠠᠶᠢᠳᠠᠯ ᠤᠨ ᠲᠤᠬᠠᠢ

ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠭᠦᠸᠧ

ᠢᠦᠢ ᠹᠧᠩ ᠤᠨ ᠬᠢᠭᠰᠡᠨ ᠪᠦᠭᠦ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ

ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠭᠢᠯᠡᠭᠴᠢ ᠯᠢᠦ ᠶᠦᠩ ᠤᠨ ᠬᠢᠭᠰᠡᠨ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂

ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︔

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠶᠢᠨ ᠬᠢᠭᠰᠡᠨ ᠥᠨᠳᠥᠷ ᠬᠡᠪ ᠪᠣᠯᠪᠠᠰᠤᠷᠠᠯ ᠪᠦᠬᠦᠢ ᠳᠤᠮᠳᠠᠳᠤ ᠪᠠᠭ᠎ᠠ

ᠰᠤᠷᠭᠠᠭᠤᠯᠢ ᠶᠢᠨ ᠪᠠᠭᠰᠢ ᠶᠢᠨ ᠡᠩᠨᠡᠭᠡ ᠶᠢ ᠬᠥᠮᠥᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ

ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠨ ᠬᠢᠭᠰᠡᠨ ᠤᠯᠤᠰ ᠤᠨ ᠠᠮᠤ ᠪᠤᠳᠠᠭᠠᠨ ᠤ ᠠᠮᠤᠷ

ᠲᠦᠪᠰᠢᠨ ᠢ ᠬᠠᠮᠠᠭᠠᠯᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ᠂ ᠦᠬᠡᠷ ᠬᠤᠨᠢᠨ ᠮᠢᠬᠠᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ

ᠠᠰᠢᠭ ᠢ ᠨᠡᠮᠡᠭᠳᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ ᠶᠢᠨ ᠣᠷᠴᠢᠨ ᠲᠣᠭᠤᠷᠢᠨ ᠡᠬᠢ ᠪᠠᠶᠠᠯᠢᠭ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠡᠷᠭᠢᠯᠡᠭᠴᠢ ᠯᠢᠦ

ᠸᠧᠨ ᠢᠦᠢ ᠶᠢᠨ ᠬᠢᠭᠰᠡᠨ ︽ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ︵ᠲᠥᠰᠥᠯ︶︾᠎ ᠤᠨ ᠲᠤᠬᠠᠢ

ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠳᠠᠷᠤᠭ᠎ᠠ ᠸᠠᠩ ᠸᠠᠩ ᠱᠧᠩ ᠤᠨ ᠬᠢᠭᠰᠡᠨ ᠬᠤᠶᠠᠳᠤᠭᠠᠷ

ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ

ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ

ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ ᠸᠠᠩ ᠰᠢᠦᠢ ᠵᠢᠶᠦ᠋ᠨ ᠤ ᠬᠢᠭᠰᠡᠨ ᠪᠦᠭᠦ ᠣᠷᠣᠨ ᠤ ᠰᠢᠭᠦᠬᠦ ᠬᠤᠷᠢᠶ᠎ᠠ ᠶᠢᠨ ᠣᠯᠠᠨ ᠡᠰᠢᠲᠦ ᠵᠠᠭᠤᠷᠠᠯᠳᠤᠭᠠᠨ ᠢ ᠰᠢᠢᠳᠪᠦᠷᠢᠯᠡᠬᠦ

ᠲᠣᠭᠲᠠᠴᠠ ᠶᠢᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋

ᠡᠷᠭᠢᠯᠡᠭᠴᠢ ᠭᠡᠰᠢᠭᠦᠨ ᠭᠦᠸᠧ ᠰᠢᠨ ᠤ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠣᠨᠴᠠ ᠵᠠᠷᠢᠮ ᠲᠥᠯᠥᠭᠡᠯᠡᠭᠴᠢ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠶᠢ ᠵᠥᠪᠰᠢᠶᠡᠷᠡᠭᠦᠯᠬᠦ ᠪᠠᠷ ᠳᠡᠪᠰᠢᠭᠦᠯᠬᠦ ᠲᠤᠬᠠᠢ ᠰᠠᠨᠠᠯ ᠵᠥᠪᠯᠡᠯᠭᠡ᠂ 2023

ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ︵ᠲᠥᠰᠥᠯ︶᠎ ᠤᠨ ᠲᠤᠬᠠᠢ ᠮᠡᠳᠡᠭᠦᠯᠦᠯᠲᠡ ᠶᠢ ᠬᠢᠨᠠᠨ

ᠵᠥᠪᠯᠡᠪᠡ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂

ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠭᠰᠠᠨ

ᠬᠤᠳᠠ᠂ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ

ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ