ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ ᠸᠠᠩ ᠯᠢ ᠰᠢᠶᠠ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/10/30

        10 ᠰᠠᠷ᠎ᠠ ᠶᠢᠨ 27᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ

ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ

ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠪᠠ᠃ ᠸᠠᠩ ᠯᠢ ᠰᠢᠶᠠ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ 

         ᠬᠤᠷᠠᠯ ᠳᠡᠭᠡᠷ᠎ᠡ᠂ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠶᠢᠭᠡᠮᠯᠢᠭ ᠤᠨ ᠳᠠᠷᠤᠭ᠎ᠠ᠂ ᠳᠤᠮᠳᠠᠳᠤ ᠤᠯᠤᠰ ᠤᠨ

ᠲᠣᠭᠠᠴᠢᠯᠠᠭᠰᠠᠨ ᠠᠵᠤ ᠠᠬᠤᠢ ᠶᠢᠨ ᠡᠷᠳᠡᠮ ᠰᠢᠨᠵᠢᠯᠡᠭᠡᠨ ᠤ ᠣᠨ ᠤ ᠶᠡᠭᠡ ᠬᠤᠷᠠᠯ ᠤᠨ ᠲᠡᠷᠢᠭᠦᠯᠡᠭᠴᠢ ᠵᠢᠶᠠᠩ ᠰᠢᠶᠣᠣ ᠵᠢᠤᠸᠠᠨ ︽ᠲᠣᠭᠠᠴᠢᠯᠠᠭᠰᠠᠨ ᠠᠵᠤ ᠠᠬᠤᠢ

᠄ ᠨᠠᠷᠮᠠᠢ ᠰᠢᠨ᠎ᠡ ᠬᠥᠳᠡᠯᠭᠡᠬᠦ ᠬᠦᠴᠦᠨ ᠬᠠᠩᠭᠠᠵᠤ ᠠᠵᠤ ᠠᠬᠤᠢ ᠶᠢᠨ ᠦᠷᠭᠦᠯᠵᠢᠯᠡᠨ ᠨᠡᠮᠡᠭᠳᠡᠬᠦ ᠶᠢ ᠲᠤᠯᠭᠠᠭᠤᠷᠢᠯᠠᠶ᠎ᠠ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠡ᠃

ᠪᠠᠢ ᠴᠢᠩ ᠶᠤᠸᠠᠨ ᠪᠣᠯᠣᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠲᠣᠮᠣ ᠳ᠋ᠠᠶᠢᠲ᠋ᠠ ᠶᠢᠨ ᠲᠥᠪ ᠤᠨ ᠭᠤᠣᠯ ᠬᠠᠷᠢᠭᠤᠴᠠᠯᠭᠠᠲᠠᠨ

ᠭᠤᠣᠯᠳᠠᠯᠭ᠎ᠠ ᠲᠠᠢ ᠦᠭᠡ ᠬᠡᠯᠡᠪᠡ᠃

         ᠸᠠᠩ ᠯᠢ ᠰᠢᠶᠠ᠂ ᠣᠳᠣᠬᠠᠨ ᠤ ᠠᠵᠤ ᠠᠬᠤᠢ ᠶᠢᠨ ᠬᠥᠭᠵᠢᠯᠲᠡ ᠳᠤ ᠵᠠᠷᠢᠮ ᠲᠠᠯ᠎ᠠ ᠪᠠᠷ ᠶᠡᠭᠡ ᠬᠠᠨᠳᠤᠰᠢ ᠪᠠ ᠬᠤᠪᠢᠰᠤᠯᠲᠠ ᠭᠠᠷᠴᠤ ᠪᠠᠶᠢᠨ᠎ᠠ᠂

ᠢᠯᠠᠩᠭᠤᠶ᠎ᠠ ᠰᠢᠨ᠎ᠡ ᠡᠨᠧᠷᠭᠢ ᠪᠠᠷ ᠲᠥᠯᠥᠭᠡᠯᠡᠭᠦᠯᠦᠭᠰᠡᠨ ᠡᠨᠧᠷᠭᠢ ᠶᠢᠨ ᠬᠤᠪᠢᠰᠬᠠᠯ ᠪᠠ ᠰᠢᠨ᠎ᠡ ᠰᠠᠭᠤᠷᠢ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠤᠯᠭᠠᠬᠰᠠᠨ

ᠲᠣᠭᠠᠴᠢᠯᠠᠭᠰᠠᠨ ᠬᠤᠪᠢᠰᠬᠠᠯ ᠨᠢ ᠥᠪᠥᠷ ᠮᠣᠩᠭᠤᠯ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ ᠶᠤᠮ᠂ ᠡᠷᠬᠡᠪᠰᠢ ᠰᠠᠨᠠᠭᠠᠰᠢᠷᠠᠬᠤ ᠤᠬᠠᠮᠰᠠᠷ᠂ ᠲᠤᠯᠭᠠᠮ

ᠤᠬᠠᠮᠰᠠᠷ ᠢᠶᠠᠨ ᠴᠢᠩᠭᠠᠳᠬᠠᠵᠤ᠂ ᠲᠣᠭᠠᠴᠢᠯᠠᠯᠲᠠ ᠪᠠᠷ ᠡᠨᠧᠷᠭᠢ ᠣᠯᠭᠤᠬᠤ᠂ ᠢᠲᠡᠭᠡᠯ ᠣᠯᠭᠤᠬᠤ᠂ ᠡᠷᠬᠡ ᠣᠯᠭᠤᠬᠤ ᠶᠢ ᠴᠢᠩᠭᠠᠳᠬᠠᠵᠤ᠂ ᠮᠠᠨ ᠤ ᠣᠷᠣᠨ ᠤ

ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠨᠢᠭᠡ ᠳᠤ᠂ ᠲᠣᠭᠠᠴᠢᠯᠠᠯᠲᠠ ᠶᠢ ᠠᠵᠤ

ᠦᠢᠯᠡᠰᠵᠢᠭᠦᠯᠬᠦ ᠲᠠᠯ᠎ᠠ ᠪᠠᠷ ᠲᠤᠭ᠎ᠠ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠳᠣᠪᠤᠶᠢᠯᠭᠠᠵᠤ᠂ ᠤᠯᠤᠰ ᠤᠨ ︽ᠵᠡᠭᠦᠨᠳᠡᠬᠢ ᠲᠤᠭ᠎ᠠ ᠪᠠᠷᠢᠮᠲᠠ

ᠪᠠᠷᠠᠭᠤᠨᠳᠡᠬᠢ ᠪᠣᠳᠣᠯᠲᠠ︾᠎ ᠶᠢᠨ ᠠᠵᠠ ᠲᠣᠭᠢᠶᠠᠯ ᠢ ᠠᠮᠵᠢᠨ᠂ ᠨᠢᠭᠡ ᠪᠦᠯᠦᠭ ᠰᠢᠨ᠎ᠡ ᠰᠠᠭᠤᠷᠢ ᠪᠦᠲᠦᠭᠡᠨ ᠪᠠᠶᠢᠭᠤᠯᠤᠯᠲᠠ ᠶᠢ ᠵᠣᠬᠢᠰᠲᠠᠢ ᠤᠷᠢᠳᠴᠢᠯᠠᠨ

ᠪᠦᠲᠦᠭᠡᠨ ᠪᠠᠶᠢᠭᠤᠯᠵᠤ᠂ ᠪᠣᠳᠣᠯᠲᠠ ᠶᠢᠨ ᠲᠠᠯ᠎ᠠ ᠪᠠᠷ ᠲᠤᠭ᠎ᠠ ᠬᠡᠮᠵᠢᠶ᠎ᠡ ᠶᠢ ᠥᠷᠭᠡᠳᠬᠡᠵᠦ᠂ ︽ᠪᠣᠬᠢᠷᠳᠤᠯ ᠦᠭᠡᠢ ᠪᠣᠳᠣᠯᠲᠠ ᠶᠢᠨ ᠬᠦᠴᠦᠨ︾᠎ ᠤ ᠲᠠᠯ᠎ᠠ ᠪᠠᠷ

ᠶᠠᠰᠤ ᠴᠢᠨᠠᠷ ᠢ ᠳᠡᠭᠡᠭᠰᠢᠯᠡᠭᠦᠯᠵᠦ᠂ ᠲᠣᠮᠣ ᠳ᠋ᠠᠶᠢᠲ᠋ᠠ ᠡᠭᠦᠯᠡᠨ ᠪᠣᠳᠣᠯᠲᠠ ᠪᠠᠷ ᠭᠤᠣᠯ ᠪᠤᠯᠭᠠᠬᠰᠠᠨ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠤᠷᠲᠤᠳᠬᠠᠵᠤ᠂

ᠤᠯᠤᠰ ᠤᠨ ᠪᠣᠬᠢᠷᠳᠤᠯ ᠦᠭᠡᠢ ᠪᠣᠳᠣᠯᠲᠠ ᠶᠢᠨ ᠪᠠᠲᠤᠯᠠᠭ᠎ᠠ ᠶᠢᠨ ᠰᠠᠭᠤᠷᠢᠨ᠂ ᠲᠣᠮᠣ ᠳ᠋ᠠᠶᠢᠲ᠋ᠠ ᠶᠢᠨ ᠭᠠᠷᠭᠠᠯᠲᠠ ᠶᠢᠨ ᠰᠠᠭᠤᠷᠢᠨ ᠢ ᠪᠦᠭᠦ ᠬᠦᠴᠦᠨ ᠢᠶᠠᠷ ᠢᠶᠠᠨ

ᠪᠦᠲᠦᠭᠡᠨ ᠪᠠᠶᠢᠭᠤᠯᠤᠨ᠎ᠠ᠃ ᠬᠤᠶᠠᠷ ᠲᠤ᠂ ᠠᠵᠤ ᠦᠢᠯᠡᠰ ᠤᠨ ᠲᠣᠭᠠᠴᠢᠯᠠᠯᠲᠠ ᠶᠢᠨ ᠲᠠᠯ᠎ᠠ ᠪᠠᠷ ᠠᠭᠤᠰᠤᠯᠴᠠᠨ ᠬᠥᠭᠵᠢᠬᠦ ᠶᠢ ᠳᠣᠪᠤᠶᠢᠯᠭᠠᠵᠤ᠂ ᠡᠨᠧᠷᠭᠢ ᠡᠬᠢ

ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠢᠶᠠᠷ ᠭᠤᠣᠯ ᠲᠡᠶᠢᠨ ᠤ ᠲᠠᠯᠠᠪᠤᠷ ᠪᠤᠯᠭᠠᠵᠤ᠂ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠᠷ ᠭᠤᠣᠯ

ᠬᠡᠯᠬᠢᠶ᠎ᠡ ᠪᠤᠯᠭᠠᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠭᠤᠣᠯ ᠵᠢᠭᠰᠠᠭᠠᠯ ᠤᠨ ᠭᠠᠵᠠᠷ ᠪᠤᠯᠭᠠᠵᠤ᠂ ᠠᠵᠤ ᠦᠢᠯᠡᠰ ᠤᠨ ᠲᠣᠭᠠᠴᠢᠯᠠᠯᠲᠠ ᠲᠡᠶᠢᠰᠢ

ᠭᠡᠯᠪᠡᠷᠢ ᠪᠠᠨ ᠬᠤᠪᠢᠷᠠᠭᠤᠯᠬᠤ ᠶᠢ ᠶᠡᠭᠡ ᠪᠠᠷ ᠠᠬᠢᠭᠤᠯᠵᠤ᠂ ᠠᠵᠤ ᠦᠢᠯᠡᠰ ᠤᠨ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠪᠦᠭᠦ ᠲᠠᠯ᠎ᠠ ᠪᠠᠷ

ᠳᠡᠭᠡᠭᠰᠢᠯᠡᠭᠦᠯᠦᠨ᠎ᠡ᠃ ᠭᠤᠷᠪᠠ ᠳᠤ᠂ ᠵᠠᠰᠠᠯᠲᠠ ᠪᠠ ᠦᠢᠯᠡᠴᠢᠯᠡᠭᠡ ᠶᠢᠨ ᠲᠤᠭᠠᠴᠢᠯᠠᠯᠳᠠ ᠶᠢᠨ ᠲᠠᠯ᠎ᠠ ᠪᠠᠷ ᠬᠦᠴᠦ ᠲᠠᠯᠪᠢᠵᠤ᠂ ᠥᠨᠳᠥᠷ ᠪᠦᠲᠦᠮᠵᠢᠲᠡᠶ ᠪᠠᠷ ︽ᠨᠢᠭᠡ

ᠶᠠᠪᠤᠳᠠᠯ ᠢ ᠪᠡᠶᠡᠯᠡᠭᠦᠯᠬᠦ︾᠎ ᠶᠢᠨ ᠲᠣᠭᠤᠷᠢᠨ ᠳᠤ᠂ ︽ᠲᠣᠭᠠᠴᠢᠯᠠᠯᠲᠠ + ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ︾᠂ ︽ᠲᠣᠭᠠᠴᠢᠯᠠᠯᠲᠠ +

ᠵᠠᠰᠠᠭ ᠤᠨ ᠶᠠᠪᠤᠳᠠᠯ ᠤᠨ ᠦᠢᠯᠡᠴᠢᠯᠡᠭᠡ︾᠂ ︽ᠲᠣᠭᠠᠴᠢᠯᠠᠯᠲᠠ + ᠬᠤᠲᠠ ᠶᠢᠨ ᠬᠠᠮᠢᠶᠠᠷᠤᠯᠲᠠ︾᠂ ︽ᠲᠣᠭᠠᠴᠢᠯᠠᠯᠲᠠ + ᠠᠮᠢ ᠠᠬᠤᠢ ᠶᠢᠨ ᠵᠠᠰᠠᠯᠲᠠ︾ ᠵᠡᠷᠭᠡ

ᠠᠵᠢᠯ ᠢ ᠰᠠᠶᠢᠲᠤᠷ ᠬᠢᠵᠦ᠂ ᠵᠠᠰᠠᠯᠲᠠ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠎ᠡ᠃ ᠳᠥᠷᠪᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ

ᠬᠥᠲᠥᠯᠥᠨ ᠳᠠᠭᠠᠭᠤᠯᠬᠤ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠰᠠᠶᠢᠲᠤᠷ

ᠪᠠᠳᠠᠷᠠᠭᠤᠯᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠶᠢ ᠡᠭᠦᠳᠬᠦ ᠶᠢ ᠳᠡᠮᠵᠢᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠦᠭᠰᠡᠨ ᠦᠷ᠎ᠡ

ᠪᠦᠲᠦᠭᠡᠯ ᠢ ᠵᠣᠷᠢᠭᠲᠠᠢ ᠪᠠᠷ ᠬᠡᠷᠡᠭᠯᠡᠨ ᠴᠢᠳᠠᠮᠠᠭᠠᠢ ᠬᠡᠷᠡᠭᠯᠡᠨ᠎ᠡ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠤᠷᠢᠵᠤ

ᠤᠶᠤᠨ ᠤᠬᠠᠭᠠᠨ ᠣᠷᠣᠭᠤᠯᠤᠨ ᠠᠪᠴᠢᠷᠠᠬᠤ ᠶᠢ ᠤᠶᠠᠯᠳᠤᠭᠤᠯᠵᠤ᠂ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠳᠤ ᠴᠢᠳᠠᠪᠤᠷᠢᠲᠠᠨ ᠤ ᠪᠠᠲᠤᠯᠠᠭ᠎ᠠ ᠪᠠ

ᠤᠶᠤᠨ ᠤ ᠳᠡᠮᠵᠢᠯᠭᠡ ᠬᠠᠩᠭᠠᠬᠤ ᠬᠡᠷᠡᠭᠲᠡᠢ᠃ ᠰᠤᠷᠤᠯᠴᠠᠯᠭ᠎ᠠ ᠪᠠ ᠦᠢᠯᠡᠳᠦᠯᠭᠡ ᠪᠠᠨ ᠴᠢᠩᠭᠠᠳᠬᠠᠵᠤ᠂ ︽ᠲᠤᠭ᠎ᠠ ᠪᠠᠷᠢᠮᠲᠠ ᠪᠠᠷ ᠦᠭᠡ ᠬᠡᠯᠡᠬᠦ᠂ ᠲᠤᠭ᠎ᠠ

ᠪᠠᠷᠢᠮᠲᠠ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠤᠭ᠎ᠠ ᠪᠠᠷᠢᠮᠲᠠ ᠪᠠᠷ ᠬᠠᠮᠢᠶᠠᠷᠬᠤ᠂ ᠲᠤᠭ᠎ᠠ ᠪᠠᠷᠢᠮᠲᠠ ᠪᠠᠷ ᠰᠢᠨ᠎ᠡ ᠶᠢ ᠡᠭᠦᠳᠬᠦ︾ ᠰᠡᠳᠬᠢᠬᠦᠢ ᠪᠠ

ᠴᠢᠳᠠᠪᠤᠷᠢ ᠪᠠᠨ ᠴᠢᠩᠭᠠᠳᠬᠠᠬᠤ ᠬᠡᠷᠡᠭᠲᠡᠢ ᠭᠡᠵᠡᠢ᠃

 

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ