| 10 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠶᠡᠷᠦᠩᠬᠡᠢ | ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ | ᠬᠠᠮᠲᠤ ᠶᠢᠨ ᠰᠤᠷᠤᠯᠴᠠᠯᠭ᠎ᠠ ᠬᠢᠵᠦ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠨ ᠱᠤᠤ ᠴᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠢ᠃ | ᠬᠠᠮᠲᠤ ᠶᠢᠨ ᠰᠤᠷᠤᠯᠴᠠᠯᠭ᠎ᠠ ᠳᠡᠭᠡᠷ᠎ᠡ᠂ ᠳᠤᠮᠳᠠᠳᠤ ᠤᠯᠤᠰ ᠤᠨ ᠠᠵᠢᠯ ᠮᠡᠷᠭᠡᠵᠢᠯ ᠤᠨ ᠠᠮᠤᠷ ᠲᠦᠪᠰᠢᠨ ᠡᠷᠡᠭᠦᠯ ᠮᠡᠨᠳᠦ ᠶᠢᠨ ᠨᠡᠶᠢᠭᠡᠮᠯᠢᠭ ᠤᠨ ᠨᠠᠮ ᠤᠨ | ᠬᠤᠷᠢᠶ᠎ᠠ ᠶᠢᠨ ᠱᠦᠵᠢ᠂ ᠬᠡᠷᠡᠭ ᠡᠷᠭᠢᠯᠡᠭᠴᠢᠳ ᠤᠨ ᠳᠠᠷᠤᠭ᠎ᠠ᠂ ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ᠸᠠᠩ ᠳ᠋ᠧ ᠰᠢᠤᠸᠠᠢ ᠤᠷᠢᠯᠭ᠎ᠠ ᠪᠠᠷ ᠲᠤᠰᠬᠠᠢ ᠰᠡᠳᠦᠪᠲᠦ | ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃ ᠳ᠋ᠢᠩ ᠰᠢᠸ ᠹᠧᠩ᠂ ᠬᠤᠸᠠᠩ ᡁᠢ ᠴᠢᠶᠠᠩ ᠭᠤᠣᠯᠳᠠᠯᠭ᠎ᠠ ᠲᠠᠢ ᠶᠠᠷᠢᠶ᠎ᠠ ᠲᠠᠯᠪᠢᠵᠤ᠂ ᠪᠤᠤ ᠭᠠᠩ᠂ ᠮᠧᠩ ᠰᠢᠶᠠᠨ | ᠳ᠋ᠦᠩ ᠰᠣᠯᠢᠯᠴᠠᠭᠠᠨ ᠤ ᠪᠢᠴᠢᠭ ᠮᠠᠲ᠋ᠧᠷᠢᠶᠠᠯ ᠢᠶᠠᠨ ᠳᠡᠪᠰᠢᠭᠦᠯᠵᠡᠢ᠃ | ᠰᠦᠨ ᠱᠤᠤ ᠴᠧᠩ᠂ ᠥᠪᠥᠷ ᠮᠣᠩᠭᠤᠯ ᠪᠣᠯ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠮᠥᠨ᠂ ᠬᠥᠭᠵᠢᠯᠲᠡ | ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠨᠢ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠶᠤᠮ᠂ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢᠨ ᠡᠨᠡ ᠬᠦ ᠤᠯᠠᠭᠠᠨ ᠱᠤᠭᠤᠮ ᠢ ᠰᠠᠶᠢᠲᠤᠷ ᠰᠠᠬᠢᠪᠠᠯ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠠᠮᠤᠷ ᠲᠣᠭᠲᠠᠭᠤᠨ ᠪᠣᠯᠣᠨ ᠠᠷᠠᠳ ᠲᠦᠮᠡᠨ ᠤ | ᠵᠣᠯ ᠵᠢᠷᠭᠠᠯ ᠢ ᠬᠠᠮᠠᠭᠠᠯᠠᠵᠤ ᠴᠢᠳᠠᠨ᠎ᠠ᠃ ᠠᠮᠤᠷ ᠲᠦᠪᠰᠢᠨ ᠬᠥᠭᠵᠢᠯᠲᠡ ᠶᠢᠨ ᠤᠯᠠᠭᠠᠨ ᠱᠤᠭᠤᠮ ᠤᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠶᠢ | ᠪᠠᠲᠤ ᠪᠠᠬᠢ ᠪᠤᠢ ᠪᠤᠯᠭᠠᠵᠤ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠯᠠᠮ ᠰᠠᠶᠢᠨ ᠪᠤᠯᠬᠤ ᠲᠤᠳᠤᠮ᠂ ᠬᠥᠭᠵᠢᠯᠲᠡ ᠶᠢ ᠲᠦᠷᠭᠡᠳᠬᠡᠬᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠠᠯᠠᠭᠤᠨ ᠰᠡᠳᠬᠢᠯᠭᠡ ᠤᠯᠠᠮ ᠥᠨᠳᠥᠷ ᠪᠤᠯᠬᠤ ᠲᠤᠳᠤᠮ᠂ ᠠᠮᠤᠷ ᠲᠦᠪᠰᠢᠨ ᠬᠥᠭᠵᠢᠯᠲᠡ᠂ ᠠᠶᠤᠯᠭᠦᠢ ᠦᠢᠯᠡᠳᠪᠦᠷᠢᠯᠡᠯ ᠢ ᠤᠯᠠᠮ | ᠴᠢᠬᠤᠯᠠᠴᠢᠯᠠᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯᠴᠠᠭ᠎ᠠ ᠶᠢ ᠴᠢᠷᠮᠠᠶᠢᠨ ᠪᠡᠶᠡᠯᠡᠭᠦᠯᠬᠦ | ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠤᠶᠤᠨ ᠲᠠᠷᠢᠬᠢᠨ ᠳᠠᠭᠠᠨ ᠬᠠᠳᠠᠩᠰᠢᠭᠤᠯᠤᠨ | ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠬᠥᠪᠴᠢ ᠶᠢ ᠨᠡᠩ ᠴᠢᠩᠭᠠᠯᠠᠵᠤ᠂ | ᠲᠠᠨᠢᠯᠲᠠ ᠪᠠᠨ ᠪᠠᠲᠤᠳᠬᠠᠬᠤ ᠪᠠᠷ ᠲᠠᠮᠵᠢᠨ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠮᠠ ᠳᠡᠭᠡᠷ᠎ᠡ ᠪᠠᠨ ᠣᠪᠣᠷ ᠢᠶᠠᠨ ᠢᠯᠡᠳᠬᠡᠭᠡᠳ ᠯᠡ ᠪᠠᠶᠢᠵᠤ ᠪᠤᠯᠬᠤ ᠦᠭᠡᠢ᠂ | ᠰᠢᠷᠬ᠎ᠠ ᠨᠢ ᠡᠳᠡᠭᠡᠷᠡᠭᠡᠳ ᠡᠪᠡᠳᠬᠦ ᠪᠠᠨ ᠮᠠᠷᠲᠠᠵᠤ ᠪᠤᠯᠬᠤ ᠦᠭᠡᠢ᠃ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠦᠷᠢᠮ ᠲᠣᠭᠲᠠᠴᠠ ᠶᠢᠨ | ᠬᠤᠷᠢᠭ᠎ᠠ ᠱᠤᠭᠤᠮ ᠢ ᠪᠠᠲᠤ ᠴᠣᠭᠴᠠᠯᠠᠵᠤ᠂ ︽ᠦᠬᠡᠷ ᠤᠨ ᠬᠠᠰᠢᠶᠠᠨ ᠳᠤ ᠮᠤᠤᠷ ᠬᠤᠷᠢᠬᠤ︾ ᠪᠠ ᠬᠡᠲᠦᠷᠬᠡᠢ ᠶᠠᠷᠰᠢᠭ ᠲᠦᠪᠡᠭᠲᠡᠢ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠳᠦᠷᠢᠮ ᠲᠣᠭᠲᠠᠴᠠ ᠶᠢᠨ ᠬᠠᠨᠳᠤᠯᠭᠠᠲᠤ ᠴᠢᠨᠠᠷ᠂ ᠠᠵᠢᠯᠯᠠᠭᠠᠨ ᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠦ᠂ ᠬᠡᠯᠪᠡᠷᠢᠴᠢ ᠦᠵᠡᠯ ᠶᠠᠪᠤᠭᠤᠯᠬᠤ ᠶᠢ | ᠡᠬᠢ ᠡᠭᠦᠰᠦᠯ ᠠᠴᠠ ᠨᠢ ᠡᠷᠡᠰ ᠰᠡᠷᠭᠡᠶᠢᠯᠡᠬᠦ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠶᠢᠨ | ᠪᠠᠶᠢᠭᠤᠯᠤᠯᠲᠠ ᠶᠢ ᠪᠠᠲᠤ ᠴᠢᠩᠭ᠎ᠠ ᠠᠳᠬᠤᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠬᠤ ᠶᠢ | ᠠᠬᠢᠭᠤᠯᠵᠤ᠂ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠡᠨᠡ ᠬᠦ ︽ᠵᠠᠩᠭᠢᠯᠠᠭ᠎ᠠ︾ ᠶᠢ ᠪᠠᠲᠤ ᠴᠢᠩᠭ᠎ᠠ ᠠᠳᠬᠤᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠠᠳᠬᠤᠬᠤ︾ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠨᠢᠭᠲᠠ ᠬᠤᠯᠪᠣᠯᠳᠤᠭᠤᠯᠬᠤ ᠬᠡᠷᠡᠭᠲᠡᠢ᠃ ᠮᠤᠵᠢ ᠶᠢᠨ ᠱᠠᠲᠤᠨ ᠤ ᠤᠳᠤᠷᠢᠳᠬᠤ ᠺᠠᠳ᠋ᠷ | ᠲᠦᠷᠦᠭᠦᠯᠡᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ ᠠᠶᠤᠯᠭᠦᠢ ᠦᠢᠯᠡᠳᠪᠦᠷᠢᠯᠡᠯ ᠤᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠴᠡᠭᠴᠡᠯᠡᠨ ᠰᠠᠶᠢᠵᠢᠷᠠᠭᠤᠯᠬᠤ ᠴᠡᠭᠴᠡᠯᠡᠨ ᠵᠠᠰᠠᠬᠤ ᠠᠵᠢᠯ ᠢ ᠭᠦᠨᠵᠡᠭᠡᠢ | ᠥᠷᠨᠢᠭᠦᠯᠵᠦ᠂ ᠮᠡᠳᠡᠵᠦ ᠪᠠᠶᠢᠭᠠᠳ ᠵᠣᠷᠢᠭᠤᠳᠠ ᠵᠥᠷᠢᠴᠡᠭᠰᠡᠨ᠂ ᠣᠯᠠᠨᠲᠠ ᠰᠤᠷᠭᠠᠪᠠᠴᠤ ᠵᠠᠰᠠᠷᠠᠬᠤ ᠦᠭᠡᠢ ᠶᠢ ︽ᠶᠠᠯ᠎ᠠ ᠶᠢ ᠨᠢ ᠬᠦᠨᠳᠦᠷᠡᠭᠦᠯᠵᠦ︾ᠴᠢᠩᠭ᠎ᠠ | ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ᠃ | |