ᠮᠠᠨ ᠤ ᠣᠷᠣᠨ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠵᠦ ᠦᠷ᠎ᠡ ᠶᠢᠨ ᠦᠢᠯᠡᠰ ᠤᠨ ᠬᠥᠭᠵᠢᠨ ᠮᠠᠨᠳᠤᠬᠤ ᠶᠢ ᠳᠡᠮᠵᠢᠵᠦ ᠪᠣᠶ
ᠨᠡᠶᠢᠲᠡᠯᠡᠭᠰᠡᠨ ᠴᠠᠭ᠄
2023/10/31

        ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠦᠷ᠎ᠡ ᠶᠢᠨ ᠦᠢᠯᠡᠰ ᠤᠨ ᠬᠥᠭᠵᠢᠨ ᠮᠠᠨᠳᠤᠬᠤ ᠶᠢ ᠳᠡᠮᠵᠢᠬᠦ

ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ ᠢ ᠳᠠᠷᠤᠮᠠᠯᠯᠠᠨ ᠲᠠᠷᠬᠠᠭᠠᠭᠠᠳ᠂ ᠦᠷ᠎ᠡ ᠶᠢᠨ ᠦᠢᠯᠡᠰ ᠤᠨ ᠬᠥᠭᠵᠢᠯᠲᠡ ᠶᠢᠨ ᠪᠣᠭᠤᠮᠢ ᠶᠢ

ᠬᠦᠴᠦᠯᠡᠨ ᠰᠢᠪᠲᠤᠯᠵᠤ᠂ ᠬᠥᠭᠵᠢᠯᠲᠡ ᠶᠢᠨ ᠳᠤᠲᠠᠭᠳᠠᠯ ᠢ ᠨᠥᠬᠦᠪᠦᠷᠢᠯᠡᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃

        ᠦᠷ᠎ᠡ ᠶᠢᠨ ᠦᠢᠯᠡᠰ ᠤᠨ ᠬᠥᠭᠵᠢᠨ ᠮᠠᠨᠳᠤᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ︽ᠦᠷ᠎ᠡ ᠶᠢ ᠬᠠᠮᠠᠭᠠᠯᠠᠬᠤ᠂ ᠪᠣᠶᠢᠵᠢᠭᠤᠯᠬᠤ᠂

ᠦᠢᠯᠡᠳᠬᠦ ᠪᠠ ᠬᠡᠷᠡᠭᠯᠡᠬᠦ︾ 4 ᠵᠠᠩᠭᠢᠯᠠᠭ᠎ᠠ ᠶᠢᠨ ᠭᠤᠭᠴᠤᠭ᠎ᠠ ᠶᠢ ᠳᠣᠪᠤᠶᠢᠯᠭᠠᠵᠤ᠂ ︽ᠭᠠᠵᠠᠷ᠂ ᠤᠰᠤ᠂ ᠦᠷ᠎ᠡ᠂ ᠠᠮᠤ᠂ ᠮᠢᠬ᠎ᠠ᠂ ᠰᠦ︾ ᠵᠡᠷᠭᠡ 6 ᠭᠤᠣᠯᠳᠠᠯᠭ᠎ᠠ ᠲᠠᠢ

ᠡᠭᠦᠷᠭᠡ ᠲᠠᠢ ᠨᠢᠭᠲᠠ ᠤᠶᠠᠯᠳᠤᠭᠤᠯᠤᠨ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠶᠡᠭᠡ ᠢᠨᠵᠧᠨᠧᠷᠢᠩ ᠤᠨ ᠲᠣᠭᠤᠷᠢᠨ ᠳᠤ᠂ ᠤᠯᠤᠰ ᠤᠨ

ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ ᠭᠠᠷᠭᠠᠭᠰᠠᠨ ᠠᠴᠠ

ᠵᠠᠰᠠᠭ ᠤᠨ ᠣᠷᠳᠣᠨ ᠤ ᠦᠢᠯᠡᠳᠦᠯ ᠢ ᠪᠠᠳᠠᠷᠠᠭᠤᠯᠬᠤ ᠳᠤ ᠠᠰᠢᠭᠲᠠᠢ ᠪᠠᠶᠢᠵᠤ᠂ ᠠᠵᠤ ᠠᠬᠤᠶᠢᠯᠠᠯ᠂ ᠰᠤᠳᠤᠯᠤᠨ ᠨᠡᠭᠡᠭᠡᠬᠦ ᠪᠠᠶᠢᠭᠤᠯᠤᠮᠵᠢ ᠪᠠ ᠮᠠᠯᠴᠢᠨ

ᠲᠠᠷᠢᠶᠠᠴᠢᠳ ᠤᠨ ᠤᠷᠤᠭᠰᠢᠲᠠᠢ ᠵᠣᠯᠭᠠᠯᠳᠤᠬᠤ᠂ ᠨᠢᠭᠲᠠ ᠬᠠᠮᠲᠤᠷᠠᠯᠴᠠᠬᠤ ᠶᠢ ᠠᠬᠢᠭᠤᠯᠵᠤ᠂ ᠦᠷ᠎ᠡ ᠶᠢᠨ ᠦᠢᠯᠡᠰ ᠤᠨ ᠡᠯ᠎ᠡ ᠭᠤᠣᠯ ᠴᠣᠭᠴᠠ᠂ ᠡᠯ᠎ᠡ

ᠭᠤᠭᠴᠤᠭ᠎ᠠ ᠶᠢᠨ ᠪᠥᠬᠦ ᠬᠡᠯᠬᠢᠶᠡᠨ ᠤ ᠬᠥᠭᠵᠢᠯᠲᠡ ᠶᠢ ᠠᠬᠢᠭᠤᠯᠤᠨ᠎ᠠ᠃

        ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠦᠷ᠎ᠡ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠲᠦᠪᠰᠢᠨ ᠢ ᠳᠡᠭᠡᠭᠰᠢᠯᠡᠭᠦᠯᠬᠦ᠂ ᠲᠣᠭᠲᠠᠭᠤᠨ

ᠪᠥᠭᠡᠳ ᠥᠨᠳᠥᠷ ᠪᠦᠲᠦᠮᠵᠢᠲᠡᠶ ᠣᠲᠣ ᠦᠶ᠎ᠡ ᠶᠢᠨ ᠡᠭᠦᠯᠳᠡᠷ ᠪᠣᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠬᠤ᠂ ᠤᠯᠤᠰ ᠤᠨ ᠲᠠᠰ ᠤᠨ ᠰᠠᠶᠢᠨ ᠡᠭᠦᠯᠳᠡᠷ ᠢ

ᠦᠷᠡᠵᠢᠭᠦᠯᠦᠨ ᠪᠣᠶᠢᠵᠢᠭᠤᠯᠬᠤ ᠰᠠᠭᠤᠷᠢᠨ ᠢ ᠪᠠᠶᠢᠭᠤᠯᠬᠤ᠂ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠠᠯᠬᠤᠴᠠ ᠶᠢ ᠲᠦᠷᠭᠡᠳᠬᠡᠬᠦ ᠵᠡᠷᠭᠡ 4 ᠲᠠᠯ᠎ᠠ ᠠᠴᠠ 18

ᠵᠦᠢᠯ ᠤᠨ ᠪᠣᠳᠠᠲᠠᠢ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠪᠠ᠃ ᠣᠶᠢᠯᠠᠭᠠᠭᠰᠠᠨ ᠢᠶᠠᠷ᠂ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ

ᠡᠬᠢᠯᠡᠨ 2025 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠬᠡᠷᠡᠭᠵᠢᠭᠦᠯᠵᠦ᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾

ᠠᠷᠭ᠎ᠠ ᠪᠠᠷ ᠬᠡᠷᠡᠭᠵᠢᠭᠦᠯᠦᠨ᠎ᠡ᠃

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ