ᠮᠠᠨ ᠤ ᠣᠷᠣᠨ ᠤ ᠠᠩᠬᠠᠳᠠᠭᠴᠢ ᠨᠠᠭᠤᠷ ᠴᠥᠭᠦᠷᠥᠮ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠳᠤ ᠴᠢᠭᠯᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/10/31

        10 ᠳ᠋ᠤᠭᠠᠷ ᠰᠠᠷ᠎ᠠ ᠶᠢᠨ 27᠎ ᠤ ᠡᠳᠦᠷ᠂ ︽ᠪᠠᠶᠠᠨᠨᠠᠭᠤᠷ ᠬᠤᠲᠠ ᠶᠢᠨ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ

ᠳᠦᠷᠢᠮ︾᠎ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠠᠩᠬᠠᠳᠠᠭᠴᠢ ᠲᠤᠰᠬᠠᠶᠢᠯᠠᠨ ᠨᠠᠭᠤᠷ ᠴᠦᠬᠦᠷᠦᠮ ᠤᠨ ᠰᠠᠪᠠ

ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠳᠤ ᠴᠢᠭᠯᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ︽ᠪᠠᠶᠠᠨᠨᠠᠭᠤᠷ ᠬᠤᠲᠠ ᠶᠢᠨ

ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ︾᠎ ᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠥᠪᠰᠢᠶᠡᠷᠡᠭᠦᠯᠦᠭᠰᠡᠨ ᠪᠥᠭᠡᠳ 2023 ᠣᠨ ᠤ 11

ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠣᠯᠣᠨ᠎ᠠ᠃

        ᠲᠠᠨᠢᠯᠴᠠᠭᠤᠯᠤᠭᠰᠠᠨ ᠢᠶᠠᠷ᠂ ᠲᠤᠰ ︽ᠳᠦᠷᠢᠮ︾ ᠨᠡᠶᠢᠲᠡ ᠵᠢᠷᠭᠤᠭᠠᠨ ᠪᠦᠯᠦᠭ ᠲᠠᠪᠢᠨ ᠵᠢᠷᠭᠤᠭᠠᠨ ᠵᠤᠷᠪᠤᠰ ᠲᠠᠢ᠃ ᠨᠢᠭᠡᠳᠦᠭᠡᠷ ᠪᠦᠯᠦᠭ ᠤᠨ ᠶᠡᠷᠦᠩᠬᠡᠢ

ᠳᠦᠷᠢᠮ ᠳᠤ᠂ ᠳᠦᠷᠢᠮ ᠢ ᠲᠣᠭᠲᠠᠭᠠᠭᠰᠠᠨ ᠵᠣᠷᠢᠯᠭ᠎ᠠ᠂ ᠬᠡᠷᠡᠭᠵᠢᠭᠦᠯᠬᠦ ᠬᠡᠪᠴᠢᠶ᠎ᠡ᠂ ᠦᠨᠳᠦᠰᠦᠨ ᠵᠠᠷᠴᠢᠮ᠂ ᠬᠠᠮᠢᠶᠠᠷᠬᠤ ᠪᠠᠶᠢᠭᠤᠯᠤᠯ ᠲᠣᠭᠲᠠᠴᠠ᠂ ᠢᠷᠭᠡᠨ ᠤ ᠡᠭᠦᠷᠭᠡ

ᠪᠠ ᠡᠷᠬᠡ ᠵᠡᠷᠭᠡ ᠶᠢ ᠪᠣᠳᠠᠲᠠᠢ ᠲᠣᠭᠲᠠᠭᠠᠵᠠᠢ᠃ ᠡᠭᠦᠨ ᠠᠴᠠ ᠭᠠᠳᠠᠨ᠎ᠠ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠤᠰᠤ ᠠᠷᠪᠢᠯᠠᠨ ᠤᠰᠤ ᠶᠢ ᠡᠵᠡᠮᠳᠡᠬᠦ᠂

ᠪᠣᠬᠢᠷᠲᠤᠯ ᠢ ᠰᠡᠷᠭᠡᠶᠢᠯᠡᠨ ᠵᠠᠰᠠᠬᠤ᠂ ᠪᠠᠲᠤᠯᠠᠬᠤ ᠪᠠ ᠬᠢᠨᠠᠬᠤ ᠵᠢᠴᠢ ᠳᠠᠭᠠᠯᠲᠠ ᠳᠦᠷᠢᠮ ᠵᠡᠷᠭᠡ ᠠᠭᠤᠯᠭ᠎ᠠ ᠲᠠᠢ᠃ ᠲᠤᠰ ᠳᠦᠷᠢᠮ ᠢ ᠬᠡᠷᠡᠭᠵᠢᠭᠦᠯᠬᠦ ᠨᠢ ᠪᠠᠶᠠᠨᠨᠠᠭᠤᠷ

ᠬᠤᠳᠠ ᠶᠢᠨ ᠤᠯᠠᠭᠠᠨᠰᠤᠬᠠᠢ ᠶᠢ ᠬᠠᠮᠠᠭᠠᠯᠠᠨ ᠵᠠᠰᠠᠬᠤ ᠰᠡᠳᠬᠢᠮᠵᠢ ︽ᠲᠠᠩ ᠭᠠᠭᠴᠠ ᠨᠠᠭᠤᠷ ᠴᠥᠭᠦᠷᠥᠮ ᠢ ᠵᠠᠰᠠᠵᠤ︾ ᠪᠠᠶᠢᠭᠰᠠᠨ ᠠᠴᠠ ︽ᠰᠠᠪᠠ ᠭᠠᠵᠠᠷ ᠢ

ᠰᠢᠰᠲ᠋ᠧᠮ ᠲᠠᠢ ᠪᠠᠷ ᠵᠠᠰᠠᠬᠤ︾ ᠲᠡᠶᠢᠰᠢ ᠦᠨᠳᠦᠰᠦᠨ ᠬᠤᠪᠢᠷᠠᠯᠲᠠ ᠭᠠᠷᠤᠭᠰᠠᠨ ᠢ ᠬᠠᠷᠠᠭᠤᠯᠤᠨ᠎ᠠ᠃

        ᠣᠶᠢᠯᠠᠭᠠᠭᠰᠠᠨ ᠢᠶᠠᠷ᠂ ᠤᠯᠠᠭᠠᠨᠰᠤᠬᠠᠢ ᠪᠣᠯ ᠬᠠᠲᠤᠨ ᠭᠤᠣᠯ ᠤᠨ ᠤᠷᠤᠰᠬᠠᠯ ᠤᠨ ᠵᠠᠮ ᠢ ᠥᠭᠡᠷᠡᠴᠢᠯᠡᠵᠦ ᠪᠣᠶ ᠪᠣᠯᠭᠠᠭᠰᠠᠨ ᠪᠤᠭᠤᠯᠠᠭᠠᠨ ᠨᠠᠭᠤᠷ ᠪᠥᠭᠡᠳ

ᠬᠠᠲᠤᠨ ᠭᠤᠣᠯ ᠤᠨ ᠰᠠᠪᠠ ᠭᠠᠵᠠᠷ ᠲᠠᠬᠢ ᠬᠠᠮᠤᠭ ᠤᠨ ᠶᠡᠭᠡ ᠨᠠᠭᠤᠷ ᠨᠤᠭᠤ ᠲᠠᠢ ᠭᠠᠵᠠᠷ ᠪᠠᠶᠢᠵᠤ᠂ ᠬᠠᠲᠤᠨ ᠭᠤᠣᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ᠂

ᠤᠰᠤᠨ ᠤ ᠴᠢᠨᠠᠷ ᠢ ᠴᠡᠪᠡᠷᠰᠢᠭᠦᠯᠬᠦ᠂ ᠰᠥᠩ ᠬᠠᠯᠢᠶ᠎ᠠ ᠬᠢᠭᠡᠳ ᠦᠶᠡᠷ ᠢ ᠰᠡᠷᠭᠡᠶᠢᠯᠡᠬᠦ ᠵᠡᠷᠭᠡ ᠣᠯᠠᠨ ᠴᠢᠬᠤᠯᠠ ᠴᠢᠳᠠᠮᠵᠢ ᠲᠠᠢ᠃ ᠮᠥᠨ ᠴᠦ ᠬᠠᠲᠤᠨ ᠭᠤᠣᠯ ᠤᠨ

ᠠᠮᠢ ᠠᠬᠤᠢ ᠶᠢᠨ ᠠᠮᠤᠷ ᠲᠦᠪᠰᠢᠨ ᠤ ︽ᠪᠠᠶᠢᠭᠠᠯᠢ ᠶᠢᠨ ᠪᠥᠭᠡᠷ᠎ᠡ︾᠂ ᠮᠠᠨ ᠤ ᠤᠯᠤᠰ ᠤᠨ ᠤᠮᠠᠷᠠᠲᠤ ᠶᠢᠨ ᠠᠯᠢ ᠣᠯᠠᠨ ᠠᠮᠢ ᠠᠬᠤᠢ ᠶᠢᠨ ᠴᠢᠳᠠᠮᠵᠢ ᠶᠢᠨ ᠠᠭᠤᠯᠵᠠᠷ

ᠣᠷᠣᠨ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠬᠢᠵᠠᠭᠠᠷᠯᠠᠬᠤ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠶᠤᠮ᠃ ᠤᠯᠠᠭᠠᠨᠰᠤᠬᠠᠢ ᠨᠠᠭᠤᠷ ᠨᠢ

ᠪᠣᠷᠣᠳᠣᠬᠤᠢ ᠶᠢᠨ ᠲᠠᠯ᠎ᠠ ᠭᠠᠵᠠᠷ᠂ ᠨᠠᠭᠤᠷ ᠴᠥᠭᠦᠷᠥᠮ ᠨᠤᠭᠤ ᠭᠠᠵᠠᠷ ᠵᠡᠷᠭᠡ ᠠᠮᠢ ᠠᠬᠤᠢ ᠶᠢᠨ ᠡᠯᠧᠮᠧᠨ᠋ᠲ ᠤᠳ ᠲᠠᠢ ᠨᠡᠶᠢᠯᠡᠭᠡᠳ ᠤᠯᠠᠭᠠᠨᠰᠤᠬᠠᠢ ᠶᠢᠨ ᠰᠠᠪᠠ

ᠭᠠᠵᠠᠷ ᠢ ᠪᠦᠷᠢᠯᠳᠦᠭᠦᠯᠵᠡᠢ᠃ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠵᠠᠰᠠᠬᠤ ᠨᠢ ᠮᠠᠨ ᠤ ᠤᠯᠤᠰ ᠤᠨ

ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠪᠣᠳᠠᠲᠤ

ᠠᠴᠢ ᠬᠤᠯᠪᠣᠭᠳᠠᠯ ᠲᠠᠢ ᠠᠵᠢ᠃

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ