2023 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠶᠡᠭᠡ ᠬᠤᠷᠠᠯ ᠡᠬᠢᠯᠡᠪᠡ ᠪᠠᠢ ᠴᠢᠩ ᠶᠤᠸᠠᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/11/1

       10 ᠳ᠋ᠤᠭᠠᠷ ᠰᠠᠷ᠎ᠠ ᠶᠢᠨ 26᠎ ᠤ ᠡᠳᠦᠷ᠂ ︽ᠪᠣᠬᠢᠷᠲᠤᠯ ᠦᠭᠡᠢ ᠬᠥᠭᠵᠢᠯᠲᠡ ᠨᠡᠭᠦᠷᠡᠰᠦᠲᠥ᠋ᠷᠥᠭᠴᠢ ᠦᠭᠡᠢ ᠢᠷᠡᠭᠡᠳᠦᠢ︾᠎ ᠪᠠᠷ ᠰᠡᠳᠦᠪᠯᠡᠭᠰᠡᠨ 2023

ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠶᠡᠭᠡ ᠬᠤᠷᠠᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ

ᠶᠤᠸᠠᠨ ᠣᠷᠣᠯᠴᠠᠪᠠ᠃

        ᠲᠤᠰ ᠤᠳᠠᠭᠠᠨ ᠤ ᠶᠡᠭᠡ ᠬᠤᠷᠠᠯ ᠨᠢ ᠣᠷᠳᠣᠰ ᠬᠤᠳᠠ ᠶᠢᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ

ᠪᠦᠲᠦᠭᠡᠯ ᠤᠳ ᠢ ᠲᠥᠪᠯᠡᠷᠡᠭᠦᠯᠦᠨ ᠦᠵᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠳᠠᠭᠠᠭᠤᠯᠤᠭᠴᠢ᠂

ᠮᠡᠷᠭᠡᠵᠢᠯᠲᠡᠨ ᠡᠷᠳᠡᠮᠲᠡᠨ᠂ ᠪᠠᠶᠢᠭᠤᠯᠤᠮᠵᠢ ᠪᠣᠯᠣᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠥᠯᠥᠭᠡᠯᠡᠭᠴᠢᠳ ᠢ ᠤᠷᠢᠵᠤ᠂ ᠨᠡᠭᠦᠷᠡᠰᠦᠲᠥ᠋ᠷᠥᠭᠴᠢ ᠦᠭᠡᠢ ᠠᠵᠤ

ᠦᠢᠯᠡᠰ ᠤᠨ ᠰᠢᠨ᠎ᠡ ᠵᠠᠭᠪᠤᠷ ᠪᠣᠯᠣᠨ ᠤᠳᠤ ᠦᠶ᠎ᠡ ᠶᠢᠨ ᠡᠨᠧᠷᠭᠢ ᠵᠢᠴᠢ ᠠᠵᠤ ᠦᠢᠯᠡᠳᠪᠦᠷᠢ ᠶᠢᠨ ᠲᠣᠭᠲᠠᠯᠴᠠᠭ᠎ᠠ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ

ᠬᠤᠪᠢᠷᠠᠭᠤᠯᠬᠤ ᠶᠢ ᠶᠠᠷᠢᠯᠴᠠᠵᠠᠭᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠥᠬᠡᠬᠤᠲᠠ᠂ ᠪᠤᠭᠤᠲᠤ᠂ ᠣᠷᠳᠣᠰ ᠪᠣᠯᠣᠨ ᠤᠯᠠᠭᠠᠨᠴᠠᠪ ᠵᠡᠷᠭᠡ ᠭᠠᠵᠠᠷ ᠤᠨ ᠥᠪᠥᠷ

ᠮᠣᠩᠭᠤᠯ ᠤᠨ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠪᠣᠯᠣᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ

ᠲᠤᠬᠠᠢ ᠶᠢᠨ ᠲᠠᠯᠠᠪᠠᠢ ᠳᠤ ᠵᠠᠯᠭᠠᠨ ᠦᠵᠡᠭᠦᠯᠵᠡᠢ︔ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠲᠡᠷᠢᠭᠦᠨ ᠤ ᠪᠠᠷᠢᠮᠵᠢᠶᠠᠲᠤ ᠪᠠᠶᠢᠭᠤᠯᠤᠮᠵᠢ ᠵᠢᠴᠢ ᠠᠵᠤ

ᠠᠬᠤᠶᠢᠯᠠᠯ ᠤᠳ ᠨᠡᠭᠦᠷᠡᠰᠦᠲᠥ᠋ᠷᠥᠭᠴᠢ ᠦᠭᠡᠢ ᠤᠯᠠᠨ ᠤᠯᠤᠰ ᠤᠨ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠵᠢᠴᠢ ᠪᠣᠬᠢᠷᠲᠤᠯ ᠦᠭᠡᠢ ᠠᠷᠠᠯᠵᠢᠶᠠᠨ ᠤ

ᠣᠷᠳᠣᠰ ᠲᠠᠬᠢ ᠠᠵᠢᠯᠯᠠᠭ᠎ᠠ ᠶᠢ ᠬᠠᠮᠲᠤ ᠪᠠᠷ ᠡᠬᠢᠯᠡᠭᠦᠯᠪᠡ᠃

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ