ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠶᠡᠭᠡ ᠲᠣᠬᠤᠢ ᠶᠢᠨ ᠬᠡᠰᠡᠭ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠤᠢ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠵᠠᠢ ᠳᠠᠶᠢᠴᠢᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/11/1

        10 ᠰᠠᠷ᠎ᠠ ᠶᠢᠨ 30᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠶᠡᠭᠡ ᠲᠣᠬᠤᠢ ᠶᠢᠨ ᠬᠡᠰᠡᠭ ᠤᠨ ᠪᠣᠭᠤᠮᠲᠠ ᠰᠢᠪᠲᠤᠯᠬᠤ

ᠳᠠᠶᠢᠯᠠᠯᠳᠤᠭᠠᠨ ᠤ ᠠᠬᠤᠢ ᠲᠠᠯᠠᠪᠠᠢ ᠶᠢᠨ ᠠᠬᠢᠭᠤᠯᠬᠤ ᠬᠤᠷᠠᠯ ᠣᠷᠳᠣᠰ ᠬᠤᠲᠠ ᠳᠤ ᠬᠤᠷᠠᠯᠳᠤᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ

ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃

        ᠬᠤᠷᠠᠯ ᠠᠴᠠ᠂ ᠬᠠᠲᠤᠨ ᠭᠤᠣᠯ ᠤᠨ ᠶᠡᠭᠡ ᠲᠣᠬᠤᠢ ᠶᠢᠨ ᠬᠡᠰᠡᠭ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠶᠡᠷᠦᠩᠬᠡᠢ ᠱᠦᠵᠢ

ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠣᠰᠣᠭᠠᠷ᠂ ᠰᠢᠪᠠᠷ ᠡᠯᠡᠰᠦ ᠬᠠᠲᠤᠨ ᠭᠤᠣᠯ ᠳᠤ ᠤᠷᠤᠰᠤᠨ ᠣᠷᠣᠬᠤ ᠪᠣᠯᠣᠨ ᠰᠠᠯᠬᠢ

ᠰᠢᠭᠤᠷᠭ᠎ᠠ ᠶᠢᠨ ᠳᠠᠭᠠᠷᠢᠯᠲᠠ ᠶᠢᠨ ᠬᠤᠶᠠᠷ ᠶᠡᠭᠡ ᠬᠤᠣᠷ ᠬᠥᠨᠥᠭᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠡᠯᠡᠰᠦ ᠬᠠᠲᠤᠨ ᠭᠤᠣᠯ ᠳᠤ ᠤᠷᠤᠰᠤᠨ ᠣᠷᠣᠬᠤ ᠶᠢ

ᠬᠤᠷᠢᠭᠯᠠᠬᠤ᠂ ᠡᠯᠡᠰᠦ ᠠᠭᠤᠯᠠᠨ ᠳᠤ ᠭᠠᠷᠬᠤ ᠶᠢ ᠬᠤᠷᠢᠭᠯᠠᠬᠤ᠂ ᠡᠯᠡᠰᠦ ᠶᠢ ᠡᠵᠡᠮᠳᠡᠨ ᠡᠬᠢ ᠡᠭᠦᠰᠦᠯ ᠠᠴᠠ ᠨᠢ ᠠᠷᠢᠯᠭᠠᠬᠤ᠂ ᠠᠮᠢ ᠠᠬᠤᠢ ᠶᠢ ᠬᠠᠮᠠᠭᠠᠯᠠᠬᠤ 4

ᠳᠠᠶᠢᠯᠠᠯᠳᠤᠭᠠᠨ ᠢ ᠰᠠᠶᠢᠲᠤᠷ ᠬᠢᠵᠦ᠂ ᠲᠠᠷᠢᠶᠠᠯᠠᠩ ᠤᠨ ᠤᠰᠤ ᠠᠷᠪᠢᠯᠠᠬᠤ᠂ ᠠᠵᠤ ᠦᠢᠯᠡᠰ ᠢ ᠬᠥᠭᠵᠢᠭᠦᠯᠬᠦ᠂ ᠠᠵᠢᠯ ᠣᠯᠭᠤᠯᠲᠠ ᠪᠠᠷ ᠲᠡᠳᠬᠦᠮᠵᠢ ᠢ ᠣᠷᠣᠯᠠᠭᠤᠯᠬᠤ

ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠲᠥᠪᠯᠡᠷᠡᠭᠦᠯᠦᠨ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠡᠨᠡ ᠡᠪᠦᠯ ᠢᠷᠡᠬᠦ ᠬᠠᠪᠤᠷ ᠨᠢᠭᠡ ᠪᠦᠯᠦᠭ ᠪᠣᠳᠠᠲᠤ

ᠢᠨᠵᠧᠨᠧᠷᠢᠩ ᠤᠨ ᠦᠨᠡᠨ ᠪᠣᠳᠠᠲᠠᠢ ᠠᠬᠢᠴᠠ ᠶᠢ ᠣᠯᠵᠤ᠂ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ

ᠢᠯᠠᠯᠲᠠ ᠶᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ