ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠠᠯ
ᠨᠡᠶᠢᠲᠡᠯᠡᠭᠰᠡᠨ ᠴᠠᠭ᠄
2023/11/16

         

                11 ᠰᠠᠷ᠎ᠠ ᠶᠢᠨ 3 ᠤ ᠡᠳᠤᠷ ᠠᠴᠠ

                11 ᠰᠠᠷ᠎ᠠ ᠶᠢᠨ  9 ᠤ ᠡᠳᠤᠷ

        11 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠲᠡᠳ᠋ ᠳᠠᠷᠤᠭ᠎ᠠ

ᠵᠣᠤ ᠸᠧᠢ ᠹᠧᠩ ᠨᠠᠷ ᠤᠷᠠᠳ ᠤᠨ ᠬᠤᠶᠢᠲᠤ ᠬᠤᠰᠢᠭᠤᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ  ᠦᠢᠯᠡᠳᠪᠤᠷᠢᠯᠠᠯ ᠤᠨ ᠪᠠᠶᠢᠳᠠᠯ ᠢ ᠪᠠᠶᠢᠴᠠᠭᠠᠨ ᠰᠤᠳᠤᠯᠪᠠ᠃

ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

        11 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠥᠪᠥᠷ ᠮᠣᠩᠭᠤᠯ ᠤᠨ ᠳ᠋ᠠ ᠴᠢᠤᠸᠠᠨ ᠰᠢᠨ᠎ᠡ

ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠦ ᠧᠨ ᠵᠢᠶᠦ᠋ᠨ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠴᠠᠬᠢᠭᠤᠷ ᠰᠠᠭᠤᠷᠢ ᠠᠵᠤ

ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠬᠠᠢ ᠵᠦᠪᠳᠠᠯᠴᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ

ᠴᠢᠩ ᠯᠠᠢ ᠣᠷᠣᠯᠴᠠᠪᠠ᠃

        11 ᠰᠠᠷ᠎ᠠ ᠶᠢᠨ 7 ᠤ ᠣᠷᠣᠢ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠢᠨ ᠪᠦᠦ ᠤᠷᠠᠳ ᠤᠨ ᠬᠤᠶᠢᠲᠤ ᠬᠤᠰᠢᠭᠤᠨ ᠤ ᠬᠤᠶᠠᠳᠤᠭᠠᠷ

ᠪᠦᠯᠦᠭ ᠤᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ

ᠪᠠᠶᠢᠴᠠᠭᠠᠵᠤ ᠵᠣᠬᠢᠴᠠᠭᠤᠯᠤᠨ ᠪᠠᠲᠤᠯᠠᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃

        11 ᠰᠠᠷ᠎ᠠ ᠶᠢᠨ 8  ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠢᠨ ᠪᠦᠦ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ

ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ

ᠣᠷᠴᠢᠨ ᠲᠣᠭᠤᠷᠢᠨ ᠤ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠱᠠᠯᠠᠪᠳᠠᠭᠤᠯᠬᠤ ᠶᠢᠨ ᠳᠠᠭᠠᠤ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠢ ᠪᠠᠶᠢᠴᠠᠭᠠᠨ

ᠵᠢᠯᠣᠭᠤᠳᠪᠠ᠃

        11 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠳ᠋ᠡ ᠴᠢᠤᠸᠠᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ

ᠶᠡᠷᠦᠩᠬᠡᠢ ᠵᠠᠬᠢᠷᠤᠯ ᠰᠢᠦᠢ ᠰᠢᠶᠠᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠴᠠᠬᠢᠭᠤᠷ ᠰᠠᠭᠤᠷᠢ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ

ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢᠨ ᠲᠤᠬᠠᠢ ᠵᠥᠪᠳᠡᠯᠴᠡᠪᠡ᠃

        11 ᠰᠠᠷ᠎ᠠ ᠶᠢᠨ 9 ᠤ ᠡᠳᠦᠷ᠂ ᠤᠷᠠᠳ ᠤᠨ ᠬᠤᠶᠢᠲᠤ ᠬᠤᠰᠢᠭᠤ 2023 ᠣᠨ ᠤ ᠪᠦᠭᠦ ᠠᠷᠠᠳ ᠤᠨ ᠨᠠᠮᠤᠷ ᠡᠪᠦᠯ ᠤᠨ ᠤᠯᠠᠷᠢᠯ ᠤᠨ

ᠣᠶᠢᠵᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠡᠯ᠎ᠡ ᠰᠤᠮᠤ

ᠪᠠᠯᠭᠠᠰᠤᠨ ᠤ ᠣᠶ ᠰᠢᠭᠤᠢ ᠡᠪᠡᠰᠦ ᠪᠡᠯᠴᠢᠭᠡᠷ ᠤᠨ ᠠᠵᠢᠯ ᠤᠨ ᠥᠷᠲᠡᠭᠡ ᠳᠤ ᠫᠠᠶᠢᠰᠠ ᠣᠯᠭᠤᠭᠰᠠᠨ ᠪᠥᠭᠡᠳ ᠤᠷᠠᠳ ᠤᠨ ᠬᠤᠶᠢᠲᠤ ᠬᠤᠰᠢᠭᠤᠨ ᠤ 2023

ᠣᠨ ᠤ ᠪᠥᠬᠦ ᠠᠷᠠᠳ ᠤᠨ ᠨᠠᠮᠤᠷ ᠡᠪᠦᠯ ᠤᠨ ᠤᠯᠠᠷᠢᠯ ᠤᠨ ᠣᠶᠢᠵᠢᠭᠤᠯᠤᠯᠲᠠ ᠶᠢᠨ ᠠᠵᠢᠯ ᠢ ᠲᠠᠶᠢᠴᠢᠯᠠᠬᠤ ᠶᠠᠷᠢᠶ᠎ᠠ ᠲᠠᠯᠪᠢᠪᠠ᠃ ᠬᠤᠰᠢᠭᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠡᠴᠡᠩᠭᠤᠸ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ

ᠲᠡᠷᠢᠭᠦᠯᠡᠭᠴᠢ ᠶᠠᠨ ᠰᠢᠶᠣᠣ ᠶᠦᠨ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠣᠷᠣᠯᠴᠠᠪᠠ᠃

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ