︽ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠤᠨ ᠬᠥᠲᠥᠯᠪᠦᠷᠢ ︵2023 ᠣᠨ ᠤ ᠬᠡᠪᠯᠡᠯ︶᠎ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2023/11/19

        ᠨᠢᠭᠡ᠂ ᠲᠣᠭᠲᠠᠭᠠᠭᠰᠠᠨ ᠠᠬᠤᠢ ᠪᠠᠶᠢᠳᠠᠯ

        ᠡᠷᠡᠭᠦᠯ ᠡᠩᠬᠡ ᠳᠤᠮᠳᠠᠳᠤ ᠤᠯᠤᠰ ᠢ ᠬᠡᠷᠡᠭᠵᠢᠭᠦᠯᠬᠦ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠭᠠᠬᠤ ᠤᠯᠤᠰ ᠤᠨ ᠪᠠᠶᠢᠯᠳᠤᠬᠤ

ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯᠯᠠᠭᠤᠯᠵᠤ᠂ ᠨᠡᠶᠢᠭᠡᠮ ᠤᠨ ᠬᠡᠷᠡᠭᠴᠡᠭᠡᠨ ᠳᠤ ᠴᠢᠭᠯᠡᠭᠦᠯᠵᠦ᠂

ᠡᠷᠡᠭᠦᠯᠵᠢᠭᠦᠯᠬᠦ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠷᠡᠭᠦᠯᠵᠢᠭᠦᠯᠬᠦ

ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠤ ᠤᠯᠠᠨ ᠶᠠᠩᠵᠤᠲᠤ᠂ ᠵᠥᠷᠢᠶᠡᠲᠦ ᠡᠷᠡᠭᠦᠯᠵᠢᠭᠦᠯᠬᠦ ᠦᠢᠯᠡᠴᠢᠯᠡᠭᠡᠨ ᠤ

ᠬᠡᠷᠡᠭᠴᠡᠭᠡ ᠶᠢ ᠠᠯᠬᠤᠮ ᠠᠯᠬᠤᠮ ᠢᠶᠠᠷ ᠬᠠᠩᠭᠠᠬᠤ ᠶᠢᠨ ᠲᠥᠯᠥᠭᠡ᠂ ᠭᠦᠨᠵᠡᠭᠡᠢ ᠪᠠᠶᠢᠴᠠᠭᠠᠨ ᠰᠤᠳᠤᠯᠵᠤ᠂ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂

ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠤᠨ ᠬᠥᠲᠥᠯᠪᠦᠷᠢ ︵2023 ᠣᠨ ᠤ ᠬᠡᠪᠯᠡᠯ︶︾᠎ ᠶᠢ ᠵᠣᠬᠢᠶᠠᠨ

ᠪᠠᠶᠢᠭᠤᠯᠤᠨ ᠲᠣᠭᠲᠠᠭᠠᠵᠤ᠂ ᠡᠯ᠎ᠡ ᠭᠠᠵᠠᠷ ᠪᠠ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ︽ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠤᠨ ᠬᠥᠲᠥᠯᠪᠦᠷᠢ

︵2023 ᠣᠨ ᠤ ᠬᠡᠪᠯᠡᠯ︶︾᠎ ᠪᠠᠷ ᠯᠠᠪᠯᠠᠯᠲᠠ ᠪᠣᠯᠭᠠᠨ᠂ ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠢ ᠥᠷᠨᠢᠭᠦᠯᠦᠭᠡᠳ᠂ ᠡᠷᠡᠭᠦᠯᠵᠢᠭᠦᠯᠬᠦ ᠠᠵᠢᠯᠲᠠᠳ ᠤᠨ

ᠦᠢᠯᠡᠴᠢᠯᠡᠬᠦ ᠴᠢᠳᠠᠪᠤᠷᠢ ᠶᠢ ᠤᠯᠠᠮ ᠳᠡᠭᠡᠭᠰᠢᠯᠡᠭᠦᠯᠪᠡ᠃

        ᠬᠤᠶᠠᠷ᠂ ᠭᠤᠣᠯ ᠠᠭᠤᠯᠭ᠎ᠠ

        ︽ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠤᠨ ᠬᠥᠲᠥᠯᠪᠦᠷᠢ ︵2023 ᠣᠨ ᠤ ᠬᠡᠪᠯᠡᠯ︶︾᠎ ᠳᠤ ᠪᠣᠯᠪᠠᠰᠤᠷᠠᠯ ᠤᠨ ᠬᠠᠷᠠᠯᠲᠠ᠂ ᠡᠲᠡᠭᠡᠳ᠂ ᠴᠠᠭ᠂

ᠬᠡᠯᠪᠡᠷᠢ ᠪᠠ ᠠᠷᠭ᠎ᠠ᠂ ᠪᠣᠯᠪᠠᠰᠤᠷᠠᠯ ᠤᠨ ᠠᠭᠤᠯᠭ᠎ᠠ ᠪᠠ ᠱᠠᠭᠠᠷᠳᠠᠯᠭ᠎ᠠ ᠵᠡᠷᠭᠡ ᠶᠢ ᠲᠣᠳᠣᠷᠬᠠᠢ ᠲᠣᠭᠲᠠᠭᠠᠵᠠᠢ᠃ ᠭᠤᠣᠯᠳᠠᠭᠤ ᠡᠮᠴᠢᠯᠡᠭᠡᠨ ᠤ ᠪᠠᠶᠢᠭᠤᠯᠤᠮᠵᠢ ᠶᠢᠨ

ᠰᠢᠨ᠎ᠡ ᠪᠠᠷ ᠠᠵᠢᠯ ᠳᠤ ᠭᠠᠷᠤᠭᠰᠠᠨ ᠡᠷᠡᠭᠦᠯᠵᠢᠭᠦᠯᠬᠦ ᠠᠵᠢᠯᠲᠠᠨ᠂ ᠠᠵᠢᠯ ᠤᠨ ᠪᠠᠶᠢᠷᠢ ᠰᠢᠯᠵᠢᠭᠰᠡᠨ ᠤ ᠳᠠᠷᠠᠭ᠎ᠠ ᠡᠷᠡᠭᠦᠯᠵᠢᠭᠦᠯᠬᠦ ᠡᠮᠴᠢᠯᠡᠭᠡ ᠬᠢᠵᠦ ᠪᠠᠶᠢᠭ᠎ᠠ ᠠᠵᠢᠯᠲᠠᠨ᠂

ᠠᠵᠢᠯ ᠤᠨ ᠪᠠᠶᠢᠷᠢᠨ ᠳᠤ ᠪᠠᠶᠢᠭ᠎ᠠ ᠠᠩᠬ᠎ᠠ ᠵᠡᠷᠭᠡ ᠶᠢᠨ ᠵᠢᠴᠢ ᠲᠡᠭᠦᠨ ᠠᠴᠠ ᠳᠣᠷᠣᠭᠰᠢᠬᠢ ᠮᠡᠷᠭᠡᠵᠢᠯ ᠤᠨ ᠴᠣᠯᠠ ᠲᠠᠢ ᠡᠷᠡᠭᠦᠯᠵᠢᠭᠦᠯᠬᠦ ᠠᠵᠢᠯᠲᠠᠨ ᠳᠤ ᠦᠨᠳᠦᠰᠦᠨ

ᠣᠨᠣᠯ᠂ ᠡᠷᠡᠭᠦᠯᠵᠢᠬᠦ ᠶᠢ ᠦᠨᠡᠯᠡᠨ ᠲᠣᠭᠲᠠᠭᠠᠬᠤ ᠳᠤ ᠪᠠᠶᠢᠩᠭᠤ ᠬᠡᠷᠡᠭᠯᠡᠭᠳᠡᠬᠦ ᠠᠷᠭ᠎ᠠ᠂ ᠪᠠᠶᠢᠩᠭᠤ ᠬᠡᠷᠡᠭᠯᠡᠭᠳᠡᠬᠦ ᠡᠷᠡᠭᠦᠯᠵᠢᠭᠦᠯᠬᠦ ᠮᠡᠷᠭᠡᠵᠢᠯ ᠵᠢᠴᠢ ᠪᠠᠶᠢᠩᠭᠤ

ᠲᠣᠬᠢᠶᠠᠯᠳᠤᠬᠤ ᠡᠪᠡᠳᠴᠢᠨ ᠤ ᠴᠢᠳᠠᠮᠵᠢ ᠶᠢᠨ ᠰᠠᠭᠠᠳ ᠢ ᠡᠷᠡᠭᠦᠯᠵᠢᠭᠦᠯᠬᠦ ᠬᠠᠮᠢᠶ᠎ᠠ ᠪᠦᠬᠦᠢ ᠣᠨᠣᠯ ᠪᠠ ᠮᠡᠷᠭᠡᠵᠢᠯ ᠵᠡᠷᠭᠡ ᠶᠢᠨ ᠪᠣᠯᠪᠠᠰᠤᠷᠠᠯ ᠢ ᠥᠷᠨᠢᠭᠦᠯᠵᠦ᠂

ᠲᠡᠳᠡᠨ ᠢ ᠠᠷᠠᠳ ᠣᠯᠠᠨ ᠳᠤ ᠨᠠᠩ ᠮᠡᠷᠭᠡᠵᠢᠯ ᠤᠨ᠂ ᠵᠢᠷᠤᠮᠵᠢᠭᠰᠠᠨ ᠡᠷᠡᠭᠦᠯᠵᠢᠭᠦᠯᠦᠨ ᠵᠠᠰᠠᠬᠤ ᠦᠢᠯᠡᠴᠢᠯᠡᠭᠡ ᠬᠠᠩᠭᠠᠵᠤ ᠴᠢᠳᠠᠬᠤ ᠪᠣᠯᠭᠠᠨ᠎ᠠ᠃

ᠢᠷᠡᠯᠲᠡ᠄ ᠦᠪᠤᠷ ᠮᠤᠩᠭᠤᠯ ᠤᠨ ᠡᠳᠤᠷ ᠤᠨ ᠰᠤᠨᠢᠨ