3004.07 ᠲᠦᠮᠡᠨ ᠲᠣᠨ︕ ᠭᠠᠭᠴᠠᠮᠣᠳᠤ ᠪᠣᠭᠤᠮᠲᠠ ᠪᠠᠷ ᠥᠩᠭᠡᠷᠡᠭᠦᠯᠦᠭᠰᠡᠨ ᠪᠠᠷᠠᠭᠠᠨ ᠤ ᠬᠡᠮᠵᠢᠶ᠎ᠡ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/11/2

        ᠪᠠᠶᠠᠨᠨᠠᠭᠤᠷ ᠬᠤᠳᠠ ᠶᠢᠨ ᠭᠠᠭᠴᠠᠮᠣᠳᠤ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 10 ᠳ᠋ᠤᠭᠠᠷ ᠰᠠᠷ᠎ᠠ ᠶᠢᠨ 30᠎ ᠤ

ᠡᠳᠦᠷ ᠪᠣᠯᠲᠠᠯ᠎ᠠ᠂ ᠲᠤᠬᠠᠶᠢᠯᠠᠪᠠᠯ ᠡᠨᠡ ᠵᠢᠯ ᠤᠨ 241 ᠳ᠋ᠦ᠋ᠭᠡᠷ ᠪᠣᠭᠤᠮᠲᠠ ᠪᠠᠷ ᠥᠩᠭᠡᠷᠡᠬᠦ ᠬᠦᠴᠦᠨ ᠲᠠᠢ ᠡᠳᠦᠷ ᠪᠣᠯᠲᠠᠯ᠎ᠠ᠂ ᠭᠠᠭᠴᠠᠮᠣᠳᠤ ᠪᠣᠭᠤᠮᠲᠠ ᠪᠠᠷ

ᠥᠩᠭᠡᠷᠡᠭᠦᠯᠦᠭᠰᠡᠨ ᠪᠠᠷᠠᠭᠠᠨ ᠤ ᠬᠡᠮᠵᠢᠶ᠎ᠡ 3004.07 ᠲᠦᠮᠡᠨ ᠲᠣᠨ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 124.96%᠎ ᠪᠠᠷ ᠨᠡᠮᠡᠭᠳᠡᠵᠡᠢ᠃

ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 2891.33 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 131.

53%᠎ ᠪᠠᠷ ᠨᠡᠮᠡᠭᠳᠡᠵᠡᠢ︔ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠨᠤᠨᠳᠠᠭ 71.34 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ

 ᠬᠢ ᠠᠴᠠ 11.47%᠎ ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠪᠠᠷᠠᠭ᠎ᠠ 41.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ

83.62%᠎ ᠢᠶᠠᠷ ᠨᠡᠮᠡᠭᠳᠡᠵᠦ᠂ ᠭᠠᠭᠴᠠᠮᠣᠳᠤ ᠪᠣᠭᠤᠮᠲᠠ ᠪᠠᠷ ᠥᠩᠭᠡᠷᠡᠭᠦᠯᠦᠭᠰᠡᠨ ᠲᠡᠦᠬᠡᠨ ᠰᠢᠨ᠎ᠡ ᠲᠡᠮᠳᠡᠭᠯᠡᠯ ᠢ ᠡᠭᠦᠳᠴᠡᠢ᠃ ᠭᠠᠭᠴᠠᠮᠣᠳᠤ ᠪᠣᠭᠤᠮᠲᠠ ᠶᠢ

ᠨᠡᠭᠡᠭᠡᠭᠰᠡᠨ 31 ᠵᠢᠯ ᠤᠨ ᠲᠤᠷᠰᠢ᠂ ︽ᠪᠦᠰᠡ ᠪᠠ ᠵᠠᠮ︾᠎ ᠤᠨ ᠶᠡᠭᠡ ᠪᠠᠶᠢᠷᠢᠰᠢᠯ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠪᠠᠷ ᠠᠭᠤᠰᠤᠯᠴᠠᠵᠤ᠂

ᠰᠠᠭᠤᠷᠢ ᠪᠡᠯᠡᠳᠬᠡᠮᠵᠢ ᠶᠢᠨ ᠬᠤᠯᠪᠣᠯᠳᠤᠨ ᠨᠡᠪᠲᠡᠷᠡᠯᠴᠡᠬᠦ᠂ ᠪᠣᠭᠤᠮᠲᠠ ᠪᠠᠷ ᠥᠩᠭᠡᠷᠡᠭᠦᠯᠬᠦ ᠬᠠᠮᠲᠤᠷᠠᠯᠴᠠᠭ᠎ᠠ᠂ ᠲᠠᠪᠴᠠᠩ ᠤᠨ ᠬᠠᠮᠲᠤᠷᠠᠯᠴᠠᠭᠰᠠᠨ ᠪᠦᠲᠦᠭᠡᠨ

ᠪᠠᠶᠢᠭᠤᠯᠤᠯᠲᠠ᠂ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠰᠢᠨ᠎ᠡ ᠵᠠᠮ ᠢ ᠨᠡᠭᠡᠭᠡᠬᠦ ᠵᠡᠷᠭᠡ ᠬᠦᠷᠢᠶᠡᠨ ᠳᠤ ᠲᠠᠰᠤᠷᠠᠯᠲᠠ ᠦᠭᠡᠢ ᠬᠦᠴᠦᠯᠡᠵᠦ᠂

AGV ᠬᠢᠯᠢ ᠠᠯᠤᠰᠯᠠᠭᠰᠠᠨ ᠲᠡᠭᠡᠭᠡᠪᠦᠷᠢ ᠶᠢᠨ ᠵᠠᠭᠪᠤᠷ ᠨᠢ ᠪᠣᠭᠤᠮᠲᠠ ᠶᠢᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠪᠠᠶᠢᠭᠤᠯᠬᠤ ᠳᠤ ᠵᠠᠮ ᠬᠠᠩᠭᠠᠵᠤ᠂

ᠪᠣᠭᠤᠮᠲᠠ ᠪᠠᠷ ᠥᠩᠭᠡᠷᠡᠭᠦᠯᠬᠦ ᠴᠢᠳᠠᠪᠤᠷᠢ ᠶᠢ ᠲᠤᠶᠢᠯ ᠤᠨ ᠶᠡᠭᠡ ᠪᠠᠷ ᠨᠡᠮᠡᠭᠳᠡᠭᠦᠯᠦᠨ᠂ ᠭᠠᠭᠴᠠᠮᠣᠳᠤ ᠪᠣᠭᠤᠮᠲᠠ ᠶᠢᠨ ᠵᠢᠯ ᠤᠨ ᠪᠠᠷᠠᠭ᠎ᠠ ᠶᠢᠨ ᠬᠡᠮᠵᠢᠶ᠎ᠡ ᠲᠦᠮᠡᠨ ᠲᠣᠨ

ᠬᠦᠷᠬᠦ ᠦᠭᠡᠢ ᠪᠠᠶᠢᠭᠰᠠᠨ ᠠᠴᠠ ᠪᠥᠬᠦ ᠤᠯᠤᠰ ᠤᠨ ᠪᠠᠷᠠᠭ᠎ᠠ ᠶᠢᠨ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ ᠪᠣᠯᠬᠤ ᠳᠤ ᠬᠦᠴᠦᠨ ᠨᠡᠮᠡᠷᠢᠯᠡᠪᠡ᠃

        ︽ᠣᠶᠢᠷ᠎ᠠ ᠶᠢᠨ ᠵᠢᠯ ᠤᠳ ᠠᠴᠠ ᠨᠠᠭᠠᠰᠢ᠂ ︿ᠥᠨᠳᠥᠷ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠭᠦᠯᠬᠦ﹀᠎ ᠪᠠᠷ ᠴᠢᠨᠠᠷ ᠰᠠᠶᠢᠲᠠᠢ ᠬᠥᠭᠵᠢᠯᠲᠡ ᠳᠤ

ᠬᠦᠴᠦᠨ ᠣᠯᠭᠤᠭᠰᠠᠨ ᠨᠢ ᠭᠠᠭᠴᠠᠮᠳᠤ ᠪᠣᠭᠤᠮᠲᠠ ᠶᠢᠨ ︿ᠲᠠᠪᠤᠨ ᠶᠡᠭᠡ ᠡᠭᠦᠷᠭᠡ﹀᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠪᠠᠶᠠᠨᠨᠠᠭᠤᠷ ᠬᠤᠲᠠ ᠶᠢᠨ

︿ᠲᠠᠪᠤᠨ ᠥᠨᠳᠥᠷ ᠲᠠᠪᠤᠨ ᠲᠣᠭᠤᠷᠢᠭ﹀᠎ ᠤᠨ ᠬᠠᠷᠠᠯᠲᠠ ᠶᠢᠨ ᠴᠢᠬᠤᠯᠠ ᠭᠠᠷᠳᠠᠴᠠ ᠮᠥᠨ᠃︾ ᠭᠠᠭᠴᠠᠮᠣᠳᠤ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠤᠨ

ᠳᠡᠳ᠋ ᠡᠷᠬᠢᠯᠡᠭᠴᠢ ᠲᠢᠶᠠᠨ ᠬᠦᠶ ᠬᠤ᠋ ᠲᠠᠨᠢᠯᠴᠠᠭᠤᠯᠬᠤ ᠳᠤ ᠪᠠᠨ᠂ ︽ᠳᠠᠷᠠᠭ᠎ᠠ ᠪᠠᠷ ᠭᠠᠭᠴᠠᠮᠣᠳᠤ ᠪᠣᠭᠤᠮᠲᠠ ︿ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ

ᠬᠤᠷᠢᠶᠠᠨ ᠤ ᠰᠠᠨᠠᠯ﹀᠎ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠭᠴᠠᠮᠣᠳᠤ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠡᠮᠦᠨᠡᠬᠢ

ᠬᠤᠭᠤᠴᠠᠭᠠᠨ ᠤ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︿ᠣᠶᠤᠨᠲᠤ ᠪᠣᠭᠤᠮᠲᠠ﹀ ︿ᠲᠣᠭᠠᠴᠢᠯᠠᠭᠰᠠᠨ ᠤᠯᠤᠰ ᠤᠨ ᠡᠭᠦᠳᠡ﹀᠎ ᠶᠢᠨ

ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠭᠤᠮᠲᠠ ᠪᠠᠷ ᠥᠩᠭᠡᠷᠡᠭᠦᠯᠬᠦ ᠪᠠᠲᠤᠯᠠᠭ᠎ᠠ ᠶᠢᠨ ᠴᠢᠳᠠᠪᠤᠷᠢ ᠶᠢ

ᠨᠡᠮᠡᠭᠳᠡᠭᠦᠯᠵᠦ᠂ ᠤᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ᠂ ᠬᠢᠯᠢ ᠪᠠ ᠳᠣᠲᠣᠷ ᠭᠠᠵᠠᠷ ᠬᠠᠷᠢᠯᠴᠠᠨ ᠬᠥᠳᠡᠯᠦᠯᠴᠡᠬᠦ᠂ ᠬᠤᠳᠠ ᠪᠠᠯᠭᠠᠰᠤᠨ ᠤ ᠪᠦᠲᠦᠭᠡᠨ

ᠪᠠᠶᠢᠭᠤᠯᠤᠯᠲᠠ ᠶᠢᠨ ᠲᠠᠯ᠎ᠠ ᠪᠠᠷ ᠣᠨᠣᠪᠴᠢᠲᠠᠢ ᠬᠦᠴᠦᠯᠡᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ

ᠪᠠᠶᠢᠭᠤᠯᠬᠤ ᠳᠤ ᠬᠦᠴᠦ ᠪᠠᠨ ᠡᠷᠭᠦᠨ᠎ᠡ︾ ᠭᠡᠵᠦ ᠬᠡᠯᠡᠪᠡ᠃

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ