ᠬᠤᠶᠠᠳᠤᠭᠠᠷ ᠡᠭᠡᠯᠵᠢ ᠶᠢᠨ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠦᠭᠦᠨ ᠢᠶᠠᠷ ᠢᠶᠠᠨ ᠣᠷᠣᠵᠤ ᠰᠠᠭᠤᠪᠠ
ᠨᠡᠶᠢᠲᠡᠯᠡᠭᠰᠡᠨ ᠴᠠᠭ᠄
2023/11/2

        10 ᠰᠠᠷ᠎ᠠ ᠶᠢᠨ 31᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ᠂ ᠬᠤᠶᠠᠳᠤᠭᠠᠷ ᠠᠮᠢ ᠠᠬᠤᠢ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠤᠰ ᠲᠤᠰ ᠪᠠᠶᠠᠨᠨᠠᠭᠤᠷ ᠬᠤᠳᠠ ᠪᠣᠯᠣᠨ ᠦᠬᠠᠢ ᠬᠤᠳᠠ ᠳᠤ ᠱᠠᠯᠠᠪᠳᠠᠭᠤᠯᠤᠨ ᠪᠠᠶᠢᠴᠠᠭᠠᠬᠤ ᠪᠠᠷ

ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠤᠭᠰᠠᠨ ᠨᠢ ᠬᠤᠶᠠᠳᠤᠭᠠᠷ ᠡᠭᠡᠯᠵᠢ ᠶᠢᠨ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ

ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃

ᠳᠠᠶᠢᠴᠢᠯᠠᠯᠲᠠ ᠶᠢᠨ ᠬᠤᠷᠠᠯ ᠳᠡᠭᠡᠷ᠎ᠡ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ

ᠱᠠᠭᠠᠷᠳᠠᠯᠭ᠎ᠠ ᠳᠤᠷᠠᠳᠴᠤ᠂ ᠬᠤᠶᠠᠷ ᠬᠤᠲᠠ ᠶᠢᠨ ᠭᠤᠣᠯ ᠬᠠᠷᠢᠭᠤᠴᠠᠯᠭᠠᠲᠠᠨ ᠨᠥᠬᠦᠳ ᠲᠣᠰ ᠲᠣᠰ ᠣᠷᠣᠵᠤ ᠰᠠᠭᠤᠬᠤ ᠳᠠᠶᠢᠴᠢᠯᠠᠯᠲᠠ ᠬᠢᠪᠡ᠃

        ᠲᠤᠰ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ

ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠬᠠᠲᠤᠨ ᠭᠤᠣᠯ ᠤᠨ

ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠪᠠᠶᠢᠳᠠᠯ︔ ᠠᠮᠢ ᠠᠬᠤᠢ ᠣᠷᠴᠢᠨ

ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠎ ᠶᠢ

ᠨᠠᠶᠢᠳᠠᠪᠤᠷᠢᠵᠢᠭᠤᠯᠤᠭᠰᠠᠨ ᠪᠠᠶᠢᠳᠠᠯ︔ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂

ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠢᠳᠪᠦᠷᠢᠲᠦ

ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ

ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ᠂ ᠲᠥᠪ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ

ᠭᠦᠢᠴᠡᠳᠬᠡᠯᠭᠡᠬᠦ ᠪᠠᠷ ᠰᠢᠯᠵᠢᠭᠦᠯᠦᠨ ᠥᠭᠭᠦᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠵᠢᠴᠢ ᠳᠡᠭᠡᠷ᠎ᠡ ᠨᠢᠭᠡ

ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ

ᠲᠤᠰᠬᠠᠭᠰᠠᠨ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠠ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ︔

ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ

ᠪᠣᠳᠣᠯᠭ᠎ᠠ ᠳᠦᠷᠢᠮ ᠲᠣᠭᠲᠠᠭᠠᠯ᠂ ᠪᠠᠷᠢᠮᠵᠢᠶ᠎ᠠ ᠵᠢᠷᠤᠮᠵᠢᠯ᠂ ᠲᠥᠯᠦᠪᠵᠢᠭᠦᠯᠭᠡ ᠲᠥᠯᠥᠪᠯᠡᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠠᠮᠢ ᠠᠬᠤᠢ

ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠵᠢᠴᠢ ᠲᠡᠭᠦᠨ ᠢ ᠰᠢᠢᠳᠪᠦᠷᠢᠯᠡᠭᠰᠡᠨ ᠪᠠᠶᠢᠳᠠᠯ ᠪᠣᠯᠣᠨ ᠠᠷᠠᠳ ᠣᠯᠠᠨ ᠤ ᠲᠤᠰᠬᠠᠭᠰᠠᠨ ᠠᠮᠢ ᠠᠬᠤᠢ ᠣᠷᠴᠢᠨ

ᠲᠣᠭᠤᠷᠢᠨ ᠤ ᠠᠰᠠᠭᠤᠳᠠᠯ ᠢ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠨ᠎ᠠ᠃

       ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠢᠭᠡᠳᠦᠭᠡᠷ᠂

ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠣᠷᠣᠵᠤ ᠰᠠᠭᠤᠬᠤ ᠬᠤᠭᠤᠴᠠᠭ᠎ᠠ ᠨᠢ ᠴᠥᠮ 25 ᠡᠳᠦᠷ ᠪᠠᠶᠢᠵᠤ᠂ ᠣᠷᠣᠵᠤ ᠰᠠᠭᠤᠬᠤ

ᠬᠤᠭᠤᠴᠠᠭᠠᠨ ᠳᠤ ᠲᠤᠰᠬᠠᠢ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠤᠲᠠᠰᠤ ᠪᠠ ᠲᠤᠰᠬᠠᠢ ᠰᠢᠤᠳᠠᠨ ᠤ ᠬᠠᠶᠢᠷᠴᠠᠭ ᠭᠠᠷᠭᠠᠵᠤ ᠣᠯᠠᠨ ᠲᠦᠮᠡᠨ ᠤ ᠠᠮᠢ

ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠲᠤᠬᠠᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠨ᠎ᠡ᠃

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ