ᠪᠥᠬᠦ ᠣᠷᠣᠨ ᠤ ᠡᠮ ᠤᠨ ᠵᠦᠢᠯ ᠤᠨ ᠬᠦᠷᠢᠶᠡᠨ ᠳᠠᠬᠢ 98 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠦᠨᠡᠮᠯᠡᠯ ᠦᠭᠡᠢ ᠪᠠᠷ ᠭᠦᠢᠴᠡᠳᠬᠡᠬᠦ︾ ᠪᠣᠯᠪᠠ
ᠨᠡᠶᠢᠲᠡᠯᠡᠭᠰᠡᠨ ᠴᠠᠭ᠄
2023/11/2

        ︽ᠥᠩᠭᠡᠷᠡᠭᠰᠡᠨ ᠳᠤ ᠡᠮ ᠤᠨ ᠵᠦᠢᠯ ᠡᠵᠡᠩᠨᠡᠨ ᠬᠤᠳᠠᠯᠳᠤᠭᠠᠯᠠᠬᠤ ᠵᠥᠪᠰᠢᠶᠡᠷᠡᠯ᠂ ᠡᠮᠴᠢᠯᠡᠭᠡᠨ ᠤ ᠪᠠᠭᠠᠵᠢ ᠡᠵᠡᠩᠨᠡᠨ ᠬᠤᠳᠠᠯᠳᠤᠭᠠᠯᠠᠬᠤ ᠵᠥᠪᠰᠢᠶᠡᠷᠡᠯ ᠢ

ᠠᠪᠬᠤ ᠳᠤ ᠭᠤᠶᠤᠴᠢᠯᠠᠭᠴᠢ ᠡᠷᠬᠡᠪᠰᠢ ᠲᠤᠬᠠᠢ ᠶᠢᠨ ᠭᠠᠵᠠᠷ ᠲᠤ ᠨᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ ᠪᠠᠶᠢᠭᠰᠠᠨ ᠪᠣᠯ ᠣᠳᠣ ᠥᠪᠡᠷ ᠢᠶᠠᠨ

ᠺᠣᠮᠫᠢᠦ᠋ᠲ᠋ᠧᠷ ᠢᠶᠠᠷ ᠬᠢᠵᠦ ᠴᠢᠳᠠᠬᠤ ᠪᠣᠯᠤᠭᠰᠠᠨ ᠪᠥᠭᠡᠳ ᠬᠡᠷᠡᠭᠰᠡᠬᠦ ᠮᠠᠲ᠋ᠧᠷᠢᠶᠠᠯ ᠨᠢ ᠴᠤ ᠪᠠᠭᠠᠰᠪᠠ᠂ ᠦᠨᠡᠬᠡᠷ ᠳᠥᠭᠦᠮ ᠪᠣᠯᠵᠠᠢ︾ ᠭᠡᠵᠦ ᠬᠥᠬᠡᠬᠤᠲᠠ ᠶᠢᠨ ᠰᠢᠨ᠎ᠡ

ᠬᠤᠲᠠ ᠲᠣᠭᠤᠷᠢᠭ ᠲᠤ ᠰᠠᠭᠤᠭ᠎ᠠ ᠭᠦᠩ ᠰᠢᠶᠣᠣ ᠹᠧᠩ ᠰᠠᠶ᠋ᠢᠬᠠᠨ ᠣᠯᠣᠭᠰᠠᠨ ᠡᠮ ᠤᠨ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢᠶᠠᠨ

ᠠᠳᠬᠤᠵᠤ ᠰᠡᠳᠬᠢᠯ ᠳᠣᠭᠳᠣᠯᠤᠨ ᠶᠠᠷᠢᠪᠠ᠃

        ᠣᠶᠢᠯᠠᠭᠠᠭᠰᠠᠨ ᠢᠶᠠᠷ᠂ ᠡᠨᠡ ᠵᠢᠯ ᠡᠬᠢᠯᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠵᠦᠢᠯᠡᠰ ᠢ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾᠎ ᠶᠢ ᠪᠥᠬᠦ ᠲᠠᠯ᠎ᠠ ᠪᠠᠷ ᠠᠬᠢᠭᠤᠯᠪᠠ᠃ ᠰᠦᠯᠵᠢᠶᠡᠨ ᠳᠤ ᠭᠦᠢᠴᠡᠳᠬᠡᠬᠦ᠂ ᠳ᠋ᠠᠶᠢᠲ᠋ᠠ

ᠬᠤᠪᠢᠶᠠᠯᠴᠠᠵᠤ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠨᠠᠩ ᠣᠯᠠᠨ ᠡᠮ ᠤᠨ ᠵᠦᠢᠯ ᠤᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ

ᠦᠢᠯᠡᠴᠢᠯᠡᠭᠡ ᠶᠢ ︽ᠨᠢᠭᠡ ᠯᠡ ᠤᠳᠠᠭ᠎ᠠ ᠣᠴᠢᠬᠤ︾ ᠪᠤᠶᠤ ︽ᠨᠢᠭᠡ ᠤᠳᠠᠭ᠎ᠠ ᠴᠤ ᠣᠴᠢᠬᠤ ᠦᠭᠡᠢ ᠪᠠᠷ ᠭᠦᠢᠴᠡᠳᠬᠡᠬᠦ︾᠎ ᠶᠢ ᠠᠬᠢᠭᠤᠯᠪᠠ᠃ ᠣᠳᠣᠬᠠᠨ ᠳᠤ᠂ ᠪᠥᠬᠦ

ᠣᠷᠣᠨ ᠤ ᠡᠮ ᠤᠨ ᠵᠦᠢᠯ ᠤᠨ ᠬᠦᠷᠢᠶᠡᠨ ᠳᠠᠬᠢ 98 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠥᠮ ︽ᠦᠨᠡᠮᠯᠡᠯ ᠦᠭᠡᠢ ᠪᠠᠷ ᠭᠦᠢᠴᠡᠳᠬᠡᠬᠦ︾

᠎ ᠶᠢ ᠪᠡᠶᠡᠯᠡᠭᠦᠯᠪᠡ᠃

        4 ᠳ᠋ᠦ᠋ᠭᠡᠷ ᠰᠠᠷ᠎ᠠ ᠶᠢᠨ 28᠎ ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

ᠲᠣᠰ ᠱᠠᠲᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾᠎ ᠢ ᠲᠠᠰ ᠳᠡᠪᠰᠢᠭᠦᠯᠦᠨ ᠥᠭᠡᠷᠡᠴᠢᠯᠡᠵᠦ᠂ 5 ᠳ᠋ᠤᠭᠠᠷ

ᠰᠠᠷ᠎ᠠ ᠶᠢᠨ 10᠎ ᠤ ᠡᠳᠦᠷ ᠡᠯᠧᠺᠲᠷᠣᠨ ᠦᠨᠡᠮᠯᠡᠯ ᠢ ᠬᠤᠪᠢᠶᠠᠯᠴᠠᠨ ᠬᠡᠷᠡᠭᠯᠡᠬᠦ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠦᠨᠡᠮᠯᠡᠯ

ᠦᠭᠡᠢ ᠪᠠᠷ ᠭᠦᠢᠴᠡᠳᠬᠡᠬᠦ︾᠎ ᠳᠤ ᠮᠡᠷᠭᠡᠵᠢᠯ ᠤᠨ ᠲᠤᠰᠠᠯᠠᠮᠵᠢ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮ ᠤᠨ ᠵᠦᠢᠯ ᠤᠨ

ᠬᠦᠷᠢᠶᠡᠨ ᠳᠠᠬᠢ 78 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠦᠨᠡᠮᠯᠡᠯ ᠦᠭᠡᠢ ᠪᠠᠷ ᠭᠦᠢᠴᠡᠳᠬᠡᠬᠦ︾᠎ ᠶᠢ ᠪᠡᠶᠡᠯᠡᠭᠦᠯᠪᠡ᠃

        9 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

ᠪᠠᠰᠠ ᠠᠶᠢᠮᠠᠭ ᠬᠤᠲᠠ ᠶᠢᠨ ᠡᠮ ᠤᠨ ᠵᠦᠢᠯ ᠤᠨ ᠬᠦᠷᠢᠶᠡᠨ ᠳᠠᠬᠢ ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠠᠰ ᠳᠡᠪᠰᠢᠭᠦᠯᠦᠨ

ᠥᠭᠡᠷᠡᠴᠢᠯᠡᠵᠦ᠂ ︽ᠦᠨᠡᠮᠯᠡᠯ ᠦᠭᠡᠢ ᠪᠠᠷ ᠭᠦᠢᠴᠡᠳᠬᠡᠬᠦ︾ ᠦᠢᠯᠡᠴᠢᠯᠡᠭᠡ ᠶᠢ ᠨᠡᠭᠡᠭᠡᠨ ᠬᠥᠭᠵᠢᠭᠦᠯᠬᠦ᠂ ᠨᠢᠭᠡ ᠦᠨᠡᠮᠯᠡᠯ ᠨᠢᠭᠡ ᠬᠤᠯᠪᠣᠭᠠᠰᠤ ᠶᠢᠨ ᠣᠷᠣᠮ ᠦᠯᠡᠳᠡᠭᠡᠬᠦ

ᠴᠢᠳᠠᠮᠵᠢ ᠶᠢᠨ ᠦᠢᠯᠡᠴᠢᠯᠡᠭᠡ᠂ ᠪᠠᠭᠤᠯᠭᠠᠭᠰᠠᠨ ᠬᠠᠮᠢᠶ᠎ᠠ ᠪᠦᠬᠦᠢ ᠦᠨᠡᠮᠯᠡᠯ ᠪᠠ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠶᠠᠪᠤᠴᠠ ᠳᠤ ᠰᠢᠯᠵᠢᠭᠦᠯᠦᠨ ᠠᠪᠬᠤ

ᠦᠢᠯᠡᠴᠢᠯᠡᠭᠡ ᠵᠡᠷᠭᠡ ᠶᠢ ᠨᠡᠮᠡᠵᠦ᠂ ᠠᠶᠢᠮᠠᠭ ᠬᠤᠲᠠ ᠶᠢᠨ ᠡᠮ ᠤᠨ ᠵᠦᠢᠯ ᠤᠨ ᠬᠦᠷᠢᠶᠡᠨ ᠳᠠᠬᠢ 20 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ

ᠵᠦᠢᠯᠡᠰ ᠲᠤ ︽ᠦᠨᠡᠮᠯᠡᠯ ᠦᠭᠡᠢ ᠪᠠᠷ ᠭᠦᠢᠴᠡᠳᠬᠡᠬᠦ︾᠎ ᠶᠢ ᠪᠡᠶᠡᠯᠡᠭᠦᠯᠪᠡ᠃

        ᠬᠤᠶᠢᠰᠢᠳᠠ ᠪᠦᠬᠦ ᠣᠷᠣᠨ ᠤ ᠡᠮ ᠤᠨ ᠵᠦᠢᠯ ᠤᠨ ᠬᠦᠷᠢᠶᠡᠨ ᠳᠠᠬᠢ 98 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠠᠴᠠ ᠣᠲᠣ ᠶᠢᠨ ᠪᠠᠶᠢᠭ᠎ᠠ

ᠵᠠᠰᠠᠭ ᠤᠨ ᠶᠠᠪᠤᠳᠠᠯ ᠤᠨ ᠬᠤᠪᠢᠶᠠᠯᠴᠠᠯ ᠢᠶᠠᠷ ᠮᠡᠳᠡᠭᠡ ᠶᠢ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ ᠪᠣᠯᠬᠤ ᠶᠢ ᠨᠢ ᠭᠤᠶᠤᠴᠢᠯᠠᠭᠴᠢ ᠴᠥᠮ ᠰᠦᠯᠵᠢᠶᠡᠨ

ᠳᠡᠭᠡᠷᠡᠬᠢ ︽ᠡᠯᠧᠺᠲᠷᠣᠨ ᠦᠨᠡᠮᠯᠡᠯ ᠤᠨ ᠵᠥᠪᠰᠢᠶᠡᠷᠡᠯ︾᠎ ᠢᠶᠠᠷ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠬᠤ ᠠᠴᠠ ᠬᠡᠯᠲᠦᠷᠢᠭᠦᠯᠵᠦ ᠪᠣᠯᠣᠨ᠎ᠠ᠂ ᠠᠵᠢᠯᠲᠠᠨ

ᠭᠤᠶᠤᠴᠢᠯᠠᠭᠴᠢ ᠶᠢᠨ ᠵᠥᠪᠰᠢᠶᠡᠷᠡᠯ ᠢᠶᠠᠷ ᠬᠠᠮᠢᠶ᠎ᠠ ᠪᠦᠬᠦᠢ ᠡᠯᠧᠺᠲᠷᠣᠨ ᠦᠨᠡᠮᠯᠡᠯ ᠤᠨ ᠮᠡᠳᠡᠭᠡ ᠶᠢ ᠣᠯᠵᠤ᠂ ᠪᠣᠳᠠᠲᠠᠢ ᠭᠡᠷᠡᠴᠢᠯᠡᠯ ᠤᠨ ᠮᠠᠲ᠋ᠧᠷᠢᠶᠠᠯ ᠢ ᠣᠷᠣᠯᠠᠭᠤᠯᠵᠤ

ᠪᠣᠯᠣᠨ᠎ᠠ᠃ ᠡᠨᠡ ᠨᠢ ᠣᠯᠠᠨ ᠲᠦᠮᠡᠨ ᠳᠤ ᠲᠥᠬᠦᠮ ᠦᠵᠡᠭᠦᠯᠦᠨ᠂ ᠠᠵᠢᠯ ᠶᠠᠪᠤᠳᠠᠯ ᠭᠦᠢᠴᠡᠳᠬᠡᠬᠦ ᠪᠦᠲᠦᠮᠵᠢ ᠶᠢ ᠳᠡᠭᠡᠭᠰᠢᠯᠡᠭᠦᠯᠪᠡ᠃

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ