ᠬᠠᠤᠯᠢ ᠴᠠᠭᠠᠵᠠ ᠶᠢᠨ ᠠᠵᠢᠯᠲᠠᠨ ᠤ ᠬᠤᠯᠪᠣᠭᠳᠠᠯ ᠪᠦᠬᠦᠢ ᠡᠷᠬᠡ ᠲᠤᠰᠢᠶᠠᠯ ᠢᠶᠠᠨ ᠠᠰᠢᠭᠯᠠᠨ ᠬᠢᠭᠰᠡᠨ 4 ᠶᠠᠯᠠᠲᠤ ᠬᠡᠷᠡᠭ ᠢ ᠲᠠᠩᠨᠠᠨ ᠪᠠᠶᠢᠴᠠᠭᠠᠵᠤ ᠳᠠᠭᠤᠰᠬᠠᠭᠠᠳ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ
ᠨᠡᠶᠢᠲᠡᠯᠡᠭᠰᠡᠨ ᠴᠠᠭ᠄
2023/11/24

        ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠤᠤᠯ ᠤᠨ ᠳᠥᠷᠪᠡᠳᠦᠭᠡᠷ‌‍ᠲ᠋ᠡᠰ ᠤᠨ ᠳᠡᠭᠡᠳᠦ ᠵᠡᠷᠭᠡ ᠶᠢᠨ 

ᠰᠢᠭᠦᠬᠦ  ᠲᠤᠰᠢᠶᠠᠯᠲᠠᠨ ᠤ  ᠲᠤᠰᠠᠯᠠᠭᠴᠢ  ᠺᠧᠦ  ᠣᠪᠣᠭᠲᠤ ᠶᠢᠨ  ᠢᠷᠭᠡᠨ ᠤ  ᠬᠡᠷᠡᠭ᠂  ᠵᠠᠰᠠᠭ‌ᠵᠠᠬᠢᠷᠭᠠᠨ ᠤ ᠬᠠᠤᠯᠢ ᠴᠠᠭᠠᠵᠠ ᠶᠢ ᠭᠠᠵᠢᠭᠤᠳᠠᠭᠤᠯᠤᠨ ᠲᠡᠰᠦᠯᠦᠨ  

ᠲᠣᠭᠲᠠᠭᠠᠭᠰᠠᠨ  ᠰᠡᠵᠢᠭᠯᠡᠯᠲᠡᠢ  ᠬᠡᠷᠡᠭ ᠢ  ᠬᠥᠬᠡᠬᠤᠲᠠ ᠵᠢᠨ‌ᠬᠤᠲᠣᠩ ᠠᠷᠠᠳ ᠤᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠠᠴᠠ ᠲᠠᠩᠨᠠᠨ 

ᠪᠠᠶᠢᠴᠠᠭᠠᠵᠤ ᠳᠠᠭᠤᠰᠬᠠᠭᠠᠳ  ᠬᠢᠨᠠᠨ‌‍ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ᠃ 

        ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ᠶᠢᠨ ᠤᠤᠯ ᠤᠨ ᠵᠠᠰᠠᠭ  ᠵᠠᠬᠢᠷᠭᠠᠨ ‍ᠤ‌‍ᠲ᠋ᠢᠩᠬᠢᠮ ᠤᠨ ᠳᠠᠷᠤᠭ᠎ᠠ ᠵᠠᠩ 

ᠣᠪᠣᠭᠲᠤ ᠶᠢᠨ ᠰᠢᠭᠦᠨ ᠲᠠᠰᠤᠯᠤᠯᠲᠠ᠂ ᠲᠣᠭᠲᠠᠭᠠᠯᠲᠠ ᠶᠢ ᠭᠦᠢᠴᠡᠳᠬᠡᠬᠦ ᠳᠤ ᠬᠠᠷᠢᠭᠤᠴᠠᠯᠭ᠎ᠠ ᠪᠠᠨ‌ᠠᠯᠳᠠᠭᠰᠠᠨ ᠰᠡᠵᠢᠭᠯᠡᠯᠲᠡᠢ ᠬᠡᠷᠡᠭ ᠢ ᠪᠠᠶᠠᠨᠨᠠᠭᠤᠷ ᠬᠤᠲᠠ ᠶᠢᠨ 

ᠠᠷᠠᠳ ᠤᠨ ᠪᠠᠶᠢᠴᠠᠭᠠᠬᠤ ᠬᠤᠷᠢᠶ᠎ᠠ ᠠᠴᠠ  ᠲᠠᠩᠨᠠᠨ  ᠪᠠᠶᠢᠴᠠᠭᠠᠵᠤ‌‍ᠲ᠋ᠠᠭᠤᠰᠬᠠᠭᠠᠳ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ᠃

         ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠲᠣᠪᠴᠢᠶ᠎ᠠ ᠶᠢᠨ  ᠬᠠᠤᠯᠢ‌‍ᠲ᠋ᠦ᠋ᠷᠢᠮ ᠤᠨ ᠶᠡᠭᠡ ᠠᠩᠭᠢ ᠶᠢᠨ 

ᠤᠤᠯ ᠤᠨ  ᠠᠷᠠᠳ ᠤᠨ  ᠴᠠᠭᠳᠠᠭ᠎ᠠ  ᠹᠦ᠋  ᠣᠪᠣᠭᠲᠤ ᠶᠢᠨ  ᠲᠤᠰᠢᠶᠠᠯ  ᠬᠠᠷᠢᠭᠤᠴᠠᠯᠭ᠎ᠠ ᠪᠠᠨ‌ᠣᠮᠲᠣᠭᠠᠶᠢᠯᠠᠭᠰᠠᠨ ᠰᠡᠵᠢᠭᠯᠡᠯᠲᠡᠢ ᠬᠡᠷᠡᠭ ᠢ ᠤᠯᠠᠭᠠᠨᠬᠠᠳᠠ 

ᠬᠤᠲᠠ ᠶᠢᠨ ᠠᠷᠤ ᠬᠤᠷᠴᠢᠨ ᠬᠤᠰᠢᠭᠤᠨ ᠤ ᠠᠷᠠᠳ ᠤᠨ ᠪᠠᠶᠢᠴᠠᠭᠠᠬᠤ‌ᠬᠤᠷᠢᠶ᠎ᠠ ᠠᠴᠠ ᠲᠠᠩᠨᠠᠨ ᠪᠠᠶᠢᠴᠠᠭᠠᠵᠤ ᠳᠠᠭᠤᠰᠬᠠᠭᠠᠳ ᠬᠢᠨᠠᠨ ᠪᠠᠶᠢᠴᠠᠭᠠᠯᠭᠠᠵᠤ 

ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ᠃

         ᠠᠯᠠᠱᠠ  ᠠᠶᠢᠮᠠᠭ ᠤᠨ  ᠠᠯᠠᠱᠠ  ᠵᠡᠭᠦᠨ  ᠬᠤᠰᠢᠭᠤᠨ ᠤ  ᠳᠣᠲᠣᠭᠠᠳᠤ ᠶᠢ  ᠬᠠᠮᠠᠭᠠᠯᠠᠬᠤ   ᠲᠣᠪᠴᠢᠶ᠎ᠠ ᠶᠢᠨ   ᠵᠠᠮ‌ᠬᠠᠷᠢᠯᠴᠠᠭᠠᠨ ᠤ 

ᠬᠠᠮᠢᠶᠠᠷᠤᠯᠲᠠ ᠶᠢᠨ ᠶᠡᠭᠡ ᠠᠩᠭᠢ ᠶᠢᠨ  ᠤᠤᠯ ᠤᠨ  ᠠᠷᠠᠳ ᠤᠨ  ᠴᠠᠭᠳᠠᠭ᠎ᠠ  ᠫᠠᠨ  ᠣᠪᠣᠭᠲᠤ᠂  ᠤᠤᠯ ‍ᠤᠨ‌‍ᠲ᠋ᠤᠰᠠᠯᠠᠭᠴᠢ ᠴᠠᠭᠳᠠᠭ᠎ᠠ ᠯᠢᠦ ᠣᠪᠣᠭᠲᠤ ᠶᠢᠨ 

ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠰᠡᠵᠢᠭᠯᠡᠯᠲᠡᠢ ᠬᠡᠷᠡᠭ ᠢ ᠥᠪᠥᠷ‌ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ  

ᠬᠤᠷᠢᠶ᠎ᠠ ᠶᠢᠨ  ᠠᠯᠠᠱᠠ  ᠠᠶᠢᠮᠠᠭ ᠤᠨ  ᠬᠤᠪᠢᠶᠠᠷᠢ‌ᠬᠤᠷᠢᠶ᠎ᠠ  ᠠᠴᠠ ᠲᠠᠩᠨᠠᠨ ᠪᠠᠶᠢᠴᠠᠭᠠᠵᠤ ᠳᠠᠭᠤᠰᠬᠠᠭᠠᠳ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ 

ᠰᠢᠯᠵᠢᠭᠦᠯᠦᠨ ᠬᠦᠷᠭᠡᠪᠡ᠃

         ᠣᠳᠣᠬᠠᠨ ᠳᠤ᠂ ᠳᠡᠭᠡᠷ᠎ᠡ ᠳᠤᠷᠠᠳᠤᠭᠰᠠᠨ 4 ᠬᠡᠷᠡᠭ ᠢ ᠶᠠᠭ ᠤᠯᠠᠮ ᠨᠢᠭᠡ ᠠᠯᠬᠤᠮ ᠰᠢᠢᠳᠪᠦᠷᠢᠯᠡᠵᠦ ᠪᠠᠶᠢᠨ᠎ᠠ᠃    

   

 

ᠢᠷᠡᠯᠲᠡ᠄ ᠠᠷᠠᠳ ᠤᠨ ᠰᠦᠯᠵᠢᠶ᠎ᠠ