| | | | ᠣᠶᠢᠷ᠎ᠠ ᠳᠤ᠂ ︽ᠸᠢᠴᠠᠲ ᠤᠨ ᠱᠠᠨ ᠬᠤ᠋ ᠠᠮᠤᠷ ᠲᠦᠪᠰᠢᠨ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ︽︿ᠬᠤᠪᠢ ᠶᠢᠨ ᠵᠠᠭᠤᠴᠢᠯᠠᠭᠤᠷ ﹀ ᠤᠨ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠦᠷᠭᠦᠯᠵᠢᠯᠡᠨ ᠵᠠᠰᠠᠬᠤ ᠲᠤᠬᠠᠶᠠᠯᠪᠠᠨ ᠵᠠᠷ︾ ᠨᠡᠶᠢᠲᠡᠯᠡᠪᠡ᠃ | ⊙ ᠴᠤᠤᠷᠬᠠᠯ ᠲᠠᠯᠪᠢᠬᠤ ᠴᠤᠤᠷᠬᠠᠯ ᠲᠠᠷᠬᠠᠭᠠᠬᠤ ᠳᠤ ᠴᠢᠩᠭ᠎ᠠ ᠴᠣᠬᠢᠯᠲᠠ ᠥᠭᠴᠦ᠂ ᠴᠤᠤᠷᠬᠠᠯ ᠲᠠᠮᠵᠢᠭᠤᠯᠤᠨ ᠲᠠᠷᠬᠠᠭᠠᠬᠰᠠᠨ ︽ᠬᠤᠪᠢ ᠶᠢᠨ | ᠵᠠᠭᠤᠴᠢᠯᠠᠭᠤᠷ︾ ᠢ ᠴᠡᠪᠡᠷᠯᠡᠨ᠎ᠡ | 2023 ᠣᠨ ᠤ 10 ᠰᠠᠷ᠎ᠠ ᠠᠴᠠ ᠣᠲᠣ ᠪᠣᠯᠲᠠᠯ᠎ᠠ᠂ ᠲᠠᠪᠴᠠᠩ ᠨᠢ ᠨᠡᠶᠢᠲᠡ 5000 ᠭᠠᠷᠤᠶ ᠴᠤᠤᠷᠬᠠᠯ ᠮᠡᠳᠡᠭᠡ ᠵᠠᠩᠭᠢ ᠶᠢ ᠰᠢᠢᠳᠪᠦᠷᠢᠯᠡᠭᠰᠡᠨ ᠪᠥᠭᠡᠳ | ᠴᠤᠤᠷᠬᠠᠯ ᠮᠡᠳᠡᠭᠡ ᠵᠠᠩᠭᠢ ᠨᠡᠶᠢᠲᠡᠯᠡᠬᠦ ᠪᠠᠷ ᠳᠠᠮᠵᠢᠭᠤᠯᠤᠨ ︽ᠰᠢᠳᠦᠨ ᠪᠢᠰᠢᠷᠡᠭᠴᠢᠳ︾ ᠤᠨ ᠬᠦᠷᠢᠶᠡᠯᠡᠯ ᠢ ᠵᠦᠶ ᠪᠤᠰᠤ ᠪᠠᠷ ᠣᠯᠤᠭᠰᠠᠨ ᠲᠠᠩᠰᠠᠨ ᠨᠤᠮᠧᠷ ᠢ | ᠴᠡᠪᠡᠷᠯᠡᠵᠡᠶ᠃ ︽︿ ᠬᠤᠪᠢ ᠶᠢᠨ ᠵᠠᠭᠤᠴᠢᠯᠠᠭᠤᠷ ﹀ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ | ᠤᠨ ᠱᠠᠭᠠᠷᠳᠠᠯᠭ᠎ᠠ ᠪᠠ ᠲᠠᠪᠴᠠᠩ ᠤᠨ ᠲᠦᠷᠢᠮ ᠲᠠᠢ ᠤᠶᠠᠯᠳᠤᠭᠤᠯᠤᠨ᠂ ᠲᠠᠩᠰᠠᠨ ᠨᠣᠮᠧᠷ ᠤᠨ ᠲᠣᠭᠲᠠᠭᠠᠯ ᠠᠴᠠ ᠵᠥᠷᠢᠴᠡᠭᠰᠡᠨ ᠬᠡᠮᠵᠢᠶ᠎ᠡ ᠶᠢ | ᠦᠨᠳᠦᠰᠦᠯᠡᠨ᠂ ᠵᠠᠷᠢᠮ ᠲᠠᠩᠰᠠᠨ ᠨᠣᠮᠧᠷ ᠢ ᠡᠭᠦᠷᠢᠳᠡ ᠪᠢᠲᠡᠭᠦᠮᠵᠢᠯᠡᠨ ᠴᠠᠭᠠᠵᠠᠯᠠᠵᠤ᠂ ᠵᠠᠷᠢᠮ ᠲᠠᠩᠰᠠᠨ ᠨᠣᠮᠧᠷ ᠤᠨ ︽ᠰᠢᠳᠦᠨ ᠪᠢᠰᠢᠷᠡᠭᠴᠢᠳ︾ ᠢ ᠴᠡᠪᠡᠷᠯᠡᠨ | ᠰᠢᠢᠳᠪᠦᠷᠢᠯᠡᠨ᠎ᠡ᠃ | ⊙ ᠬᠤᠳᠠᠯ ᠬᠠᠭᠤᠷᠮᠠᠭ ᠠᠯᠪᠠᠨ ᠤ ᠪᠠᠶᠢᠭᠤᠯᠤᠮᠵᠢ᠂ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠣᠨᠴᠠ ᠲᠣᠭᠲᠠᠭᠰᠠᠨ ᠲᠤᠰᠬᠠᠶ ᠮᠡᠷᠭᠡᠵᠢᠯ ᠤᠨ | ᠠᠵᠢᠯᠲᠠᠨ ᠤ ︽ᠬᠤᠪᠢ ᠶᠢᠨ ᠵᠠᠭᠤᠴᠢᠯᠠᠭᠤᠷ︾ ᠲᠤ ᠴᠢᠩᠭ᠎ᠠ ᠴᠣᠬᠢᠯᠲᠠ ᠥᠭᠭᠦᠨ᠎ᠡ | ᠡᠳᠦᠷ ᠲᠤᠲᠤᠮ ᠤᠨ ᠵᠠᠰᠠᠯᠲᠠ ᠶᠢᠨ ᠶᠠᠪᠤᠴᠠ ᠳᠤ᠂ ᠣᠨᠴᠠ ᠵᠠᠷᠢᠮ ︽ᠬᠤᠪᠢ ᠶᠢᠨ ᠵᠠᠭᠤᠴᠢᠯᠠᠭᠤᠷ︾ ᠤᠨ ᠲᠠᠩᠰᠠᠨ ᠨᠣᠮᠧᠷ ᠨᠢ ᠨᠡᠷᠡᠶᠢᠳᠦᠯ ᠢᠶᠠᠨ | ᠬᠤᠳᠬᠤᠯᠳᠤᠭᠤᠯᠬᠤ᠂ ᠮᠡᠳᠡᠭᠡ ᠵᠠᠩᠭᠢ ᠶᠢ ᠬᠠᠭᠤᠷᠮᠠᠭᠯᠠᠨ ᠵᠣᠬᠢᠶᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠯᠪᠠᠨ ᠤ ᠪᠠᠶᠢᠭᠤᠯᠤᠮᠵᠢ᠂ ᠰᠣᠨᠢᠨ ᠮᠡᠳᠡᠭᠡᠨ ᠤ | ᠵᠠᠭᠤᠴᠢᠯᠠᠭᠤᠷ ᠵᠢᠴᠢ ᠣᠨᠴᠠ ᠲᠣᠭᠲᠠᠭᠰᠠᠨ ᠲᠤᠰᠬᠠᠶ ᠮᠡᠷᠭᠡᠵᠢᠯ ᠤᠨ ᠠᠵᠢᠯᠲᠠᠨ ᠢᠶᠠᠷ ᠬᠠᠭᠤᠷᠮᠠᠭᠯᠠᠨ᠂ ᠠᠭᠤᠯᠭ᠎ᠠ ᠨᠡᠶᠢᠲᠡᠯᠡᠵᠦ ᠣᠯᠠᠨ ᠨᠡᠶᠢᠲᠡ ᠶᠢ | ᠪᠤᠷᠤᠭᠤ ᠪᠠᠷ ᠬᠥᠲᠥᠯᠥᠨ ᠵᠢᠯᠣᠭᠤᠳᠴᠤ ᠪᠠᠶᠢᠬᠤ ᠶᠢ ᠪᠢᠳᠡ ᠣᠯᠵᠤ ᠮᠡᠳᠡᠵᠡᠶ᠂ ᠲᠤᠬᠳᠠᠭᠠᠯ ᠢ ᠵᠦᠷᠢᠴᠡᠭᠰᠡᠨ ᠲᠠᠩᠰᠠᠨ ᠨᠣᠮᠧᠷ ᠪᠣᠯᠤᠨ ᠠᠭᠤᠯᠭ᠎ᠠ ᠶᠢ | ᠲᠠᠪᠴᠠᠩ ᠤᠨ ᠬᠢᠨ ᠲᠠᠩᠰᠠᠨ ᠨᠣᠮᠧᠷ ᠤᠨ ᠮᠠᠲ᠋ᠧᠷᠢᠶᠠᠯ ᠢ ᠨᠢ ᠴᠡᠪᠡᠷᠯᠡᠨ ᠠᠷᠢᠯᠭᠠᠨ᠎ᠠ᠃ | ︽ᠬᠤᠪᠢ ᠶᠢᠨ ᠵᠠᠭᠤᠴᠢᠯᠠᠭᠤᠷ︾ ᠤᠨ ᠵᠣᠬᠢᠶᠠᠨ ᠪᠦᠲᠦᠭᠡᠬᠦ ᠠᠵᠢᠯᠯᠠᠭ᠎ᠠ ᠶᠢ ᠴᠢᠨᠠᠬᠰᠢᠳᠠ ᠵᠢᠷᠤᠮᠵᠢᠭᠤᠯᠵᠤ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ | ᠵᠠᠰᠠᠬᠤ ᠪᠠᠨ ᠴᠢᠩᠭᠠᠳᠬᠠᠵᠦ᠂ ᠪᠣᠬᠢᠷᠲᠤᠯ ᠥᠬᠡᠶ᠂ ᠠᠮᠤᠷ ᠲᠦᠪᠰᠢᠨ ᠲᠠᠪᠴᠠᠩ ᠤᠨ ᠠᠮᠢ ᠠᠬᠤᠶ ᠶᠢ ᠢᠳᠡᠪᠬᠢᠲᠡᠶ ᠪᠣᠶ ᠪᠣᠯᠭᠠᠬᠤ ᠶᠢᠨ ᠲᠥᠯᠥᠭᠡ᠂ ᠲᠠᠪᠴᠠᠩ ᠤᠨ | ᠬᠢᠨ ᠨᠢᠭᠡᠨᠲᠡ ᠨᠡᠭᠡᠭᠡᠯᠳᠡᠳᠦ ᠢᠯᠭᠠᠬᠤ ᠲᠡᠮᠳᠡᠭ ᠤᠨ ᠨᠢᠭᠡ ᠳᠠᠷᠤᠪᠴᠢ ᠪᠠᠷ ᠰᠣᠩᠭᠤᠬᠤ ᠴᠢᠳᠠᠪᠤᠷᠢ ᠲᠠᠢ ᠪᠣᠯᠤᠭᠰᠠᠨ ᠪᠥᠭᠡᠳ ︽︽︿ ᠬᠤᠪᠢ ᠶᠢᠨ | ᠵᠠᠭᠤᠴᠢᠯᠠᠭᠤᠷ ﹀ ᠤᠨ ᠵᠣᠬᠢᠶᠠᠭᠴᠢ ᠶᠢᠨ ᠠᠭᠤᠯᠭ᠎ᠠ ᠶᠢ ᠵᠢᠷᠤᠮᠵᠢᠭᠤᠯᠬᠤ ᠲᠤᠬᠠᠶ ᠸᠢᠴᠠᠲ ᠤᠨ ᠠᠯᠪᠠᠨ ᠵᠠᠷ︾ ᠢ ᠨᠡᠶᠢᠲᠡᠯᠡᠪᠡ᠃ ︽ᠬᠤᠪᠢ ᠶᠢᠨ | ᠵᠠᠭᠤᠴᠢᠯᠠᠭᠤᠷ︾ ᠤᠨ ᠵᠣᠬᠢᠶᠠᠭᠴᠢ ᠨᠢ ᠠᠭᠤᠯᠭ᠎ᠠ ᠨᠡᠶᠢᠲᠡᠯᠡᠬᠦ ᠳᠡᠭᠡᠨ᠂ ᠪᠣᠳᠠᠲᠠᠶ ᠪᠠᠶᠢᠳᠠᠯ ᠢᠶᠠᠨ ᠦᠨᠳᠦᠰᠦᠯᠡᠨ ᠢᠯᠭᠠᠬᠤ ᠲᠡᠮᠳᠡᠭ ᠢᠶᠠᠨ ᠥᠪᠡᠰᠦᠪᠡᠨ | ᠰᠣᠩᠭᠤᠵᠤ ᠪᠣᠯᠤᠨ᠎ᠠ᠂ ᠬᠡᠷᠡᠭᠯᠡᠭᠴᠢᠳ ᠴᠦ ᠢᠯᠭᠠᠬᠤ ᠲᠡᠮᠳᠡᠭ ᠢ ᠦᠨᠳᠦᠰᠦᠯᠡᠨ ᠠᠭᠤᠯᠭ᠎ᠠ ᠶᠢ ᠨᠢᠨᠠᠩ ᠰᠠᠶᠢᠲᠤᠷ ᠢᠯᠭᠠᠨ ᠲᠠᠨᠢᠵᠦ ᠪᠣᠯᠤᠨ᠎ᠠ᠂ ᠴᠥᠭᠡᠨ ᠪᠤᠰᠤ | ᠵᠣᠬᠢᠶᠠᠭᠴᠢ ᠨᠢ ᠢᠳᠡᠪᠬᠢᠲᠡᠶ ᠪᠠᠷ ᠪᠡᠶᠡᠴᠢᠯᠡᠨ ᠣᠶᠢᠯᠠᠭᠠᠬᠤ ᠶᠢᠨ ᠬᠠᠮᠲᠤ ᠠᠭᠤᠯᠭ᠎ᠠ ᠶᠢᠨ ᠢᠯᠭᠠᠬᠤ ᠲᠡᠮᠳᠡᠭ ᠢ ᠰᠠᠨᠠᠭᠠᠴᠢᠯᠠᠭ᠎ᠠ ᠠᠴᠠ ᠪᠠᠨ ᠰᠣᠩᠭᠤᠵᠤ | ᠪᠠᠶᠢᠨ᠎ᠠ᠂ ᠭᠡᠪᠡᠴᠦ ᠣᠨᠴᠠ ᠵᠠᠷᠢᠮ ︽ᠬᠤᠪᠢ ᠶᠢᠨ ᠵᠠᠭᠤᠴᠢᠯᠠᠭᠤᠷ︾ ᠨᠢ ᠮᠥᠨ ᠯᠡ ︽ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ ᠵᠢᠷᠤᠮᠵᠢᠭᠤᠯᠬᠤ | ᠲᠣᠳᠣᠷᠬᠠᠶᠢᠯᠠᠯᠲᠠ ᠬᠢᠭᠰᠡᠨ ᠥᠬᠡᠶ ᠪᠠᠶᠢᠬᠰᠠᠭᠠᠷ᠃ | | | | | |