ᠠᠨᠠᠭᠠᠬᠤ ᠤᠬᠠᠭᠠᠨ ᠤ ᠬᠦᠷᠢᠶᠡᠨ ᠳᠠᠬᠢ ᠰᠢᠨ᠎ᠡ ᠰᠢᠪᠲᠤᠯᠤᠯᠲᠠ︕ ᠳᠡᠯᠡᠬᠡᠶ ᠳᠡᠭᠡᠷᠡᠬᠢ ᠠᠩᠬᠠᠳᠠᠭᠴᠢ ᠵᠢᠱᠢᠶ᠎ᠡ︕ ᠡᠶᠢᠮᠦ ᠰᠢᠯᠵᠢᠭᠦᠯᠦᠨ ᠰᠠᠭᠤᠯᠭᠠᠬᠤ ᠮᠡᠰᠡ ᠵᠠᠰᠠᠯ ᠢ ᠪᠡᠶᠡᠯᠡᠬᠦᠯᠪᠡ︕
ᠨᠡᠶᠢᠲᠡᠯᠡᠭᠰᠡᠨ ᠴᠠᠭ᠄
2023/11/24
        ᠲᠤᠬᠠᠶ ᠶᠢᠨ ᠭᠠᠵᠠᠷ ᠤᠨ ᠴᠠᠭ ᠢᠶᠠᠷ 9 ᠤ ᠡᠳᠦᠷ᠂ ᠠᠮᠧᠷᠢᠺᠠ ᠶᠢᠨ ᠨᠢᠦ᠋ ᠶᠣᠷᠺ ᠶᠡᠭᠡ ᠰᠤᠷᠭᠠᠭᠤᠯᠢ ᠶᠢᠨ ᠷᠠᠩᠭᠧᠨᠢ ᠡᠮ ᠡᠮᠨᠡᠯᠭᠡ ᠶᠢᠨ ᠲᠥᠪ ᠤᠨ ᠭᠠᠳᠠᠷ ᠰᠠᠯᠠᠭᠠᠨ ᠤ ᠪᠦᠯᠬᠦᠮ ᠤᠨ ᠬᠡᠯᠡᠬᠦ ᠪᠠᠷ᠂ ᠪᠥᠬᠦ ᠳᠡᠯᠡᠬᠡᠶ ᠲᠡᠭᠡᠷᠡᠬᠢ  ᠬᠥᠮᠦᠨ  ᠲᠥᠷᠥᠯᠬᠢᠲᠡᠨ ᠤ ᠠᠩᠬᠠᠳᠠᠭᠴᠢ ᠵᠢᠱᠢᠶ᠎ᠡ ᠪᠤᠯᠬᠤ ᠨᠢᠳᠦ  ᠶᠢ ᠰᠢᠯᠵᠢᠭᠦᠯᠦᠨ ᠰᠠᠭᠤᠯᠭᠠᠬᠤ ᠮᠡᠰᠡ ᠵᠠᠰᠠᠯ ᠢ ᠨᠢᠭᠡᠨᠲᠡ ᠪᠡᠶᠡᠯᠡᠭᠦᠯᠦᠭᠰᠡᠨ ᠪᠠᠶᠢᠨ᠎ᠠ᠂ ᠡᠨᠡ ᠨᠢ ᠠᠨᠠᠭᠠᠬᠤ ᠤᠬᠠᠭᠠᠨ ᠤ ᠬᠦᠷᠢᠶᠡᠨ ᠳᠠᠬᠢ ᠰᠢᠪᠲᠤᠯᠤᠯᠲᠠ ᠪᠤᠯᠤᠨ᠎ᠠ ᠬᠡᠪᠡ᠃

        ᠮᠡᠳᠡᠭᠡᠯᠡᠯ ᠳᠤ᠂ ᠰᠢᠯᠵᠢᠭᠦᠯᠦᠨ ᠰᠠᠭᠤᠯᠭᠠᠬᠤ ᠮᠡᠰᠡ ᠵᠠᠰᠠᠯ ᠬᠢᠯᠭᠡᠭᠰᠡᠨ ᠡᠪᠡᠳᠴᠢᠲᠡᠨ ᠡᠨᠡ ᠵᠢᠯ 46 ᠨᠠᠰᠤᠲᠠᠶ᠂ ᠨᠢᠭᠡ ᠤᠳᠠᠭᠠᠨ ᠤ ᠠᠳᠡᠯ ᠠᠴᠠ ᠪᠣᠯᠵᠣ 

ᠨᠢᠳᠦ᠂ ᠬᠠᠮᠠᠷ ᠪᠠ ᠤᠷᠤᠭᠤᠯ ᠢᠶᠠᠨ ᠠᠯᠳᠠᠵᠠᠶ᠃ ᠡᠨᠡ ᠤᠳᠠᠭᠠᠨ ᠤ ᠮᠡᠰᠡ  ᠵᠠᠰᠠᠯ ᠨᠢ  21ᠴᠠᠭ ᠶᠠᠪᠤᠭᠳᠠᠵᠤ᠂ 140 ᠭᠠᠷᠤᠶ ᠡᠮᠴᠢ ᠰᠤᠪᠢᠯᠠᠭᠴᠢ ᠣᠷᠣᠯᠴᠠᠵᠤ᠂ 

ᠡᠪᠡᠳᠴᠢᠲᠡᠨ ᠤ ᠨᠢᠲᠤᠨ  ᠬᠠᠷᠠᠭ᠎ᠠ   ᠨᠢ  ᠰᠡᠷᠭᠦᠭᠡᠲᠦᠢ ᠪᠠᠶᠢᠬᠰᠠᠭᠠᠷ᠃ ᠡᠭᠦᠨ ᠠᠴᠠ ᠡᠮᠦᠨ᠎ᠡ᠂ ᠡᠮᠴᠢ ᠨᠡᠷ ᠵᠥᠪᠬᠡᠨ ᠨᠢᠳᠦᠨ ᠡᠪᠡᠷᠯᠢᠭ ᠪᠦᠷᠬᠦᠪᠴᠢ ᠰᠢᠯᠵᠢᠭᠦᠯᠦᠨ 

ᠰᠠᠭᠤᠯᠭᠠᠬᠤ  ᠮᠡᠰᠡ ᠵᠠᠰᠠᠯ ᠬᠢᠵᠦ ᠪᠠᠶᠢᠵᠠᠢ ᠬᠡᠪᠡ᠃    

 

 

ᠢᠷᠡᠯᠲᠡ᠄ ᠠᠷᠠᠳ ᠤᠨ ᠰᠦᠯᠵᠢᠶ᠎ᠠ