ᠳᠣᠯᠣᠳᠤᠭᠠᠷ ᠤᠳᠠᠭ᠎ᠠ ᠶᠢᠨ ᠪᠦᠭᠦ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/11/3
        11 ᠰᠠᠷ᠎ᠠ ᠶᠢᠨ 2᠎ ᠤᠨ ᠡᠳᠦᠷ᠂ ᠳᠣᠯᠣᠳᠤᠭᠠᠷ ᠤᠳᠠᠭ᠎ᠠ ᠶᠢᠨ ᠪᠦᠭᠦ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ᠃ ᠬᠤᠷᠠᠯ ᠠᠴᠠ ᠶᠡᠷᠤᠨᠬᠭᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠳᠣᠯᠣᠳᠤᠭᠠᠷ ᠤᠳᠠᠭ᠎ᠠ ᠶᠢᠨ ᠪᠦᠭᠦ ᠤᠯᠤᠰ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠭᠦ ᠣᠷᠣᠨ ᠤ ᠡᠮᠡᠭᠲᠡᠶᠢᠴᠦᠳ᠂ ᠬᠡᠦᠬᠡᠳ ᠤᠨ ︽ᠬᠤᠶᠠᠷ ᠬᠥᠲᠥᠯᠪᠦᠷᠢ︾᠎ ᠶᠢ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠠᠢ᠃        ᠸᠠᠩ ᠯᠢ ᠰᠢᠶᠠ᠂ ᠶᠡᠷᠤᠨᠬᠭᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠭᠦ ᠣᠷᠣᠨ ᠤ ᠡᠮᠡᠭᠲᠡᠶᠢᠴᠦᠳ ᠬᠡᠦᠬᠡᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠡᠮᠡᠭᠲᠡᠶᠢᠴᠦᠳ ᠤᠨ ᠡᠷᠴᠢ ᠵᠣᠷᠢᠭ ᠢ ᠬᠥᠪᠴᠢᠯᠡᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠡᠮᠡᠭᠲᠡᠶᠢᠴᠦᠳ ᠬᠡᠦᠬᠡᠳ ᠤᠨ ᠠᠵᠢᠯ ᠳᠤ ᠢᠮᠠᠭᠲᠠ ᠲᠤᠭᠤᠰᠢᠯᠠᠭᠤᠯᠵᠤ᠂ ︽ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠨᠢᠮᠪᠠᠢ ᠥᠷᠨᠢᠭᠦᠯᠵᠦ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠬᠡᠦᠬᠡᠳ ᠢ ᠬᠥᠮᠥᠵᠢᠭᠦᠯᠦᠨ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠨᠠᠮ ᠲᠠᠢ ᠰᠡᠳᠬᠢᠯ ᠨᠢᠭᠡᠳᠴᠦ᠂ ᠨᠠᠮ ᠢᠶᠠᠨ ᠳᠠᠭᠠᠵᠥ ᠡᠷᠡᠯᠬᠡᠭᠯᠡᠨ ᠤᠷᠤᠭᠰᠢᠯᠠᠬᠤ ᠬᠡᠷᠡᠭᠲᠡᠢ᠃ ᠡᠮᠡᠭᠲᠡᠶᠢᠴᠦᠳ ᠤᠨ ᠠᠪᠢᠶᠠᠰ ᠴᠢᠳᠠᠪᠤᠷᠢ ᠶᠢ ᠪᠠᠳᠠᠷᠠᠭᠤᠯᠵᠤ᠂ ᠠᠵᠢᠯ ᠤᠨ ᠪᠠᠶᠢᠷᠢ ᠳᠠᠭᠠᠨ ᠭᠠᠪᠢᠶ᠎ᠠ ᠪᠠᠶᠢᠭᠤᠯᠬᠤ ᠵᠢᠱᠢᠶᠡᠴᠢ᠂ ᠦᠢᠯᠡᠰ ᠪᠣᠰᠬᠠᠬᠤ ᠰᠢᠨ᠎ᠡ ᠶᠢ ᠡᠭᠦᠳᠬᠦ ᠬᠤᠰᠢᠭᠤᠴᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠪᠤᠯᠬᠤ ᠪᠠᠷ ᠴᠢᠷᠮᠠᠶᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ︽ᠲᠦᠷᠦ ᠶᠢᠨ ᠬᠠᠭᠠᠰ ᠲᠤᠯᠭᠠᠭᠤᠷᠢ︾ ᠪᠤᠯᠬᠤ ᠪᠠᠷ ᠴᠢᠷᠮᠠᠶᠢᠬᠤ ᠬᠡᠷᠡᠭᠲᠡᠢ᠃ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠵᠤ᠂ ︽ᠡᠮᠡᠭᠲᠡᠶᠢᠴᠦᠳ ᠤᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠠᠵᠢᠯᠯᠠᠭ᠎ᠠ︾᠎ ᠶᠢ ᠭᠦᠨᠵᠡᠭᠡᠢ ᠬᠡᠷᠡᠭᠵᠢᠭᠦᠯᠵᠦ᠂ ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠦᠬᠡᠳ ᠠᠪᠬᠤ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠡᠮᠡᠭᠲᠡᠶᠢᠴᠦᠳ ᠬᠡᠦᠬᠡᠳ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠡᠮᠡᠭᠲᠡᠶᠢᠴᠦᠳ ᠤᠨ ᠭᠤᠸ᠎ᠠ ᠰᠠᠶᠢᠬᠠᠨ ᠢ ᠢᠯᠡᠷᠡᠭᠦᠯᠵᠦ᠂ ᠥᠷᠭᠡᠨ ᠤᠯᠠᠨ ᠡᠮᠡᠭᠲᠡᠶᠢᠴᠦᠳ ᠤᠨ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠳᠠᠷᠠᠭᠤᠯᠤᠭᠴᠢ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢᠨ ᠵᠠᠮᠴᠢᠯᠠᠭᠴᠢ ᠪᠤᠯᠬᠤ ᠶᠢ ᠬᠥᠲᠥᠯᠥᠨ ᠵᠢᠯᠤᠭᠤᠳᠴᠤ᠂ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠤᠯᠭᠠᠬᠤ ᠬᠡᠷᠡᠭᠲᠡᠢ ᠭᠡᠵᠦ ᠬᠡᠯᠡᠪᠡ᠃       ᠸᠠᠩ ᠯᠢ ᠰᠢᠶᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠮᠡᠭᠲᠡᠶᠢᠴᠦᠳ᠂ ᠬᠡᠦᠬᠡᠳ ᠤᠨ ︽ᠬᠤᠶᠠᠷ ᠬᠥᠲᠥᠯᠪᠦᠷᠢ︾᠎ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠦᠬᠡᠳ ᠤᠨ ᠦᠢᠯᠡᠰ ᠪᠣᠯᠣᠨ ᠠᠵᠤ ᠠᠬᠤᠢ ᠨᠡᠶᠢᠭᠡᠮ ᠤᠨ ᠵᠡᠷᠭᠡ ᠪᠠᠷ ᠵᠣᠬᠢᠴᠠᠩᠭᠤᠢ ᠬᠥᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ᠂ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷ ᠵᠣᠪᠠᠭᠤᠷᠢ ᠶᠢ ᠰᠢᠢᠳᠪᠦᠷᠢᠯᠡᠨ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ︽ᠲᠥᠷᠬᠦᠮ ᠤᠨ ᠬᠥᠮᠥᠨ︾ ᠎ ᠨᠢ ᠪᠤᠯᠬᠤ ᠬᠡᠷᠡᠭᠲᠡᠢ ᠭᠡᠵᠦ ᠬᠡᠯᠡᠪᠡ᠃       ᠬᠤᠷᠠᠯ ᠠᠴᠠ ᠡᠮᠦᠨ᠎ᠡ᠂ ︽ᠤᠮᠠᠷᠠᠲᠤ ᠬᠢᠯᠢ ᠳᠤ ᠬᠠᠶᠢᠷ᠎ᠠ ᠬᠠᠯᠠᠮᠵᠢ ᠪᠠᠨ ᠡᠷᠭᠦᠨᠡᠮ ᠪᠢ ᠡᠮᠡᠭᠲᠡᠶᠢᠴᠦᠳ ᠬᠡᠦᠬᠡᠳ ᠲᠤ ᠪᠣᠳᠠᠲᠠᠢ ᠶᠠᠪᠤᠳᠠᠯ ᠬᠢᠵᠦ ᠥᠭᠭᠦᠨ᠎ᠡ︾ ᠨᠡᠶᠢᠲᠡ ᠶᠢᠨ ᠠᠰᠠᠷᠠᠮᠵᠢ ᠶᠢᠨ ᠬᠠᠶᠢᠷ᠎ᠠ ᠬᠠᠯᠠᠮᠵᠢ ᠬᠦᠷᠭᠡᠬᠦ ᠶᠣᠰᠣᠯᠠᠯ ᠶᠠᠪᠤᠭᠤᠯᠵᠤ᠂ 3933 ᠲᠦᠮᠡᠨ ᠲᠥᠭᠦᠷᠢᠭ ᠤᠨ ᠬᠠᠶᠢᠷ᠎ᠠ ᠬᠠᠯᠠᠮᠵᠢ ᠶᠢᠨ ᠵᠣᠭᠤᠰ ᠮᠥᠩᠭᠦ ᠡᠳ᠋ ᠪᠣᠳᠠᠰ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠢ ᠳ᠋ᠦᠩ ᠬᠤᠷᠠᠯ ᠳᠤ ᠣᠷᠣᠯᠴᠠᠬᠰᠠᠨ ᠪᠥᠭᠡᠳ ᠲᠠᠯᠠᠷᠬᠠᠯ ᠤᠨ ᠪᠢᠴᠢᠭ ᠭᠠᠷᠳᠠᠭᠤᠯᠵᠠᠢ᠃        ᠪᠦᠦ ᠰᠢᠶᠠᠨ ᠬᠤᠸᠠ ᠬᠤᠷᠠᠯ ᠢ ᠡᠷᠭᠢᠯᠡᠭᠰᠡᠨ ᠪᠥᠭᠡᠳ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ