ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠠᠯ
ᠨᠡᠶᠢᠲᠡᠯᠡᠭᠰᠡᠨ ᠴᠠᠭ᠄
2023/11/3

              10 ᠰᠠᠷ᠎ᠠ ᠶᠢᠨ 30 ᠤ ᠡᠳᠤᠷ ᠠᠴᠠ

              10 ᠰᠠᠷ᠎ᠠ ᠶᠢᠨ 31 ᠤ ᠡᠳᠤᠷ

        10 ᠰᠠᠷ᠎ᠠ ᠶᠢᠨ 30 ᠤ ᠡᠳᠦᠷ᠂ ︽ᠮᠡᠷᠭᠡᠵᠢᠯ ᠤᠨ  ᠰᠢᠨᠠᠴᠢᠯᠠᠯᠳᠠ ᠪᠠ ᠬᠡᠷᠡᠭᠯᠠᠯᠳᠠ ᠶᠢ  ᠴᠢᠩᠭᠠᠳᠬᠠᠵᠤ᠂ ᠴᠥᠯᠡᠷᠬᠡᠭᠵᠢᠯ ᠢ ᠶᠡᠷᠦᠩᠬᠡᠶᠢᠯᠡᠨ

ᠰᠡᠷᠭᠡᠶᠢᠯᠡᠨ ᠵᠠᠰᠠᠬᠤ ᠳᠤ ᠬᠦᠴᠤᠨ ᠨᠡᠮᠡᠷᠢᠯᠡᠬᠦ︾ ᠪᠠᠷ ᠭᠤᠣᠯ ᠰᠡᠳᠦᠪ ᠪᠣᠯᠭᠠᠭᠰᠠᠨ ︽ᠭᠤᠷᠪᠠᠨ ᠤᠮᠠᠷᠠᠲᠤ ︾  ᠶᠢᠨ ᠴᠥᠯᠡᠷᠬᠡᠭᠵᠢᠯ ᠢ ᠰᠡᠷᠭᠡᠶᠢᠯᠡᠨ ᠵᠠᠰᠠᠬᠤ

ᠲᠡᠷᠢᠭᠦᠨ ᠤ ᠲᠤᠨᠤᠭ ᠲᠥᠬᠦᠭᠡᠷᠦᠮᠵᠢ ᠶᠢᠨ ᠮᠡᠷᠭᠡᠵᠢᠯ ᠤᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠵᠢᠴᠢ ᠲᠠᠨᠢᠯᠴᠠᠭᠤᠯᠬᠤ ᠦᠵᠡᠭᠦᠯᠦᠯᠭᠡ ᠶᠢᠨ ᠬᠤᠷᠠᠯ

ᠤᠷᠠᠳ ᠤᠨ ᠬᠤᠶᠢᠲᠤ ᠬᠤᠰᠢᠭᠤᠨ ᠳᠤ ᠬᠤᠷᠠᠯᠳᠤᠪᠠ᠃ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ

ᠵᠤᠷᠭᠠᠨ ᠤ ᠳᠠᠷᠤᠭ᠎ᠠ ᠬᠤᠸ ᠢᠦᠢ ᠵᠢᠶᠦ᠋ᠨ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢ ᠹᠧᠩ

ᠪᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠢᠨ ᠪᠦᠦ ᠵᠢᠴᠢ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠭᠤᠷᠪᠠᠨ

ᠤᠮᠠᠷᠠᠲᠤ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠲᠡᠶᠢᠨ ᠤ ᠲᠤᠰᠬᠠᠢ ᠠᠩᠭᠢ ᠶᠢᠨ ᠪᠦᠷᠢᠯᠳᠦᠭᠦᠨ ᠤ ᠲᠥᠯᠥᠭᠡᠯᠡᠭᠴᠢ᠂ ᠭᠤᠷᠪᠠᠨ ᠤᠮᠠᠷᠠᠲᠤ ᠶᠢᠨ ᠭᠠᠵᠠᠷ

ᠣᠷᠣᠨ ᠤ 13 ᠮᠤᠵᠢ ︵ᠣᠷᠣᠨ︶ ᠶᠢᠨ ᠣᠶ ᠰᠢᠭᠤᠢ ᠡᠪᠡᠰᠦ ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠣᠶ ᠰᠢᠭᠤᠢ ᠶᠢᠨ ᠰᠢᠨᠵᠢᠯᠡᠬᠦ

ᠤᠬᠠᠭᠠᠨ ᠤ ᠬᠦᠷᠢᠶᠡᠯᠡᠩ ᠵᠢᠴᠢ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ  ᠤᠨ ᠲᠤᠰᠬᠠᠢ ᠮᠡᠷᠭᠡᠵᠢᠯᠲᠡᠨ ᠤ ᠲᠥᠯᠥᠭᠡᠯᠡᠭᠴᠢ

ᠣᠷᠣᠯᠴᠠᠵᠠᠢ᠃

       10 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠤᠷᠠᠳ ᠤᠨ ᠬᠤᠶᠢᠲᠤ ᠬᠤᠰᠢᠭᠤᠨ ᠤ ᠬᠠᠲᠤᠨ

ᠭᠤᠣᠯ ᠤᠨ ︽  ᠶᠡᠭᠡ ᠲᠤᠬᠤᠢ︾ ᠶᠢᠨ ᠪᠤᠭᠤᠮᠳᠠ ᠰᠢᠪᠳᠤᠯᠬᠤ ᠲᠡᠶᠢᠨ ᠤ ᠲᠥᠷᠥᠯ ᠵᠦᠢᠯ ᠢ ᠲᠦᠯᠬᠢᠨ ᠠᠬᠢᠭᠤᠯᠬᠤ ᠬᠤᠷᠠᠯ ᠵᠢᠴᠢ ᠪᠥᠬᠦ ᠠᠷᠠᠳ ᠤᠨ ᠨᠠᠮᠤᠷ

ᠡᠪᠦᠯ ᠤᠨ ᠤᠯᠠᠷᠢᠯ ᠤᠨ ᠣᠶᠢᠵᠢᠭᠤᠯᠤᠯᠲᠠ ᠶᠢᠨ ᠳᠠᠶᠢᠴᠢᠯᠠᠯᠲᠠ ᠶᠢᠨ ᠶᠡᠭᠡ ᠬᠤᠷᠠᠯ ᠢ ᠡᠷᠭᠢᠯᠡᠨ ᠬᠤᠷᠠᠯᠳᠤᠭᠤᠯᠪᠠ᠃

               

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ